ᠬᠤᠰᠢᠭᠤ ᠤᠳᠤᠷᠢᠳᠤᠯᠭ᠎ᠠ ᠨᠠᠷ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠤᠯᠭᠤᠭᠠᠪᠠ
ᠨᠡᠶᠢᠲᠡᠯᠡᠭᠰᠡᠨ ᠴᠠᠭ᠄
2024/1/26

 

1 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠭᠠᠩᠪᠦ᠋ᠬᠡ ᠵᠡᠷᠭᠡ ᠤᠳᠤᠷᠢᠳᠤᠯᠭ᠎ᠠ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ

ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ

ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠤᠯᠭᠤᠭᠠᠨ ᠦᠵᠡᠭᠰᠡᠨ ᠪᠠᠶᠢᠨ᠎ᠠ᠃

ᠬᠡᠰᠢᠬᠦᠳ ᠤᠨ ᠰᠠᠭᠤᠭ᠎ᠠ ᠭᠠᠵᠠᠷ ᠲᠤ ᠳᠡᠳᠡ ᠭᠡᠰᠢᠭᠦᠳ ᠲᠠᠢ ᠳᠣᠲᠣᠨᠣ ᠪᠠᠷ ᠶᠠᠷᠢᠯᠴᠠᠨ᠂ ᠤᠯᠠᠨ ᠤ ᠥᠩᠭᠡᠷᠡᠭᠰᠡᠨ

ᠨᠢᠭᠡ ᠵᠢᠯ ᠤᠨ ᠲᠤᠷᠰᠢ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠣᠯᠤᠭᠰᠠᠨ ᠠᠮᠵᠢᠯᠲᠠ ᠪᠦᠲᠦᠮᠵᠢ ᠳᠤ

ᠪᠠᠶᠠᠷ ᠬᠦᠷᠭᠡᠭᠰᠡᠨ ᠪᠦᠭᠡᠳ ᠬᠤᠶᠢᠰᠢᠳᠠ ᠠᠵᠢᠯ ᠤᠨ ᠪᠠᠶᠢᠷᠢ ᠳᠠᠭᠠᠨ ᠰᠠᠭᠤᠷᠢᠯᠠᠨ ᠦᠷᠭᠦᠯᠵᠢᠯᠡᠨ ᠴᠢᠷᠮᠠᠶᠢᠵᠦ᠂ 

ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠳᠦᠷᠰᠦ ᠪᠠᠶᠢᠳᠠᠯ ᠨᠡᠮᠡᠷᠢᠯᠡᠬᠦ ᠶᠢ

ᠬᠦᠰᠡᠭᠰᠡᠨ ᠪᠠᠶᠢᠨ᠎ᠠ᠃

 

ᠭᠠᠩᠪᠦ᠋ᠬᠡ᠂ ᠬᠤᠶᠠᠷ ᠬᠤᠷᠠᠯ ᠪᠣᠯ ᠪᠥᠬᠦ ᠬᠤᠰᠢᠭᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ

ᠳᠤᠮᠳᠠᠬᠢ ᠨᠢᠭᠡᠨ ᠲᠣᠮᠣ ᠶᠠᠪᠤᠳᠠᠯ ᠪᠦᠭᠡᠳ ᠥᠷᠭᠡᠨ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠶᠠᠪᠤᠳᠠᠯ

ᠪᠤᠯᠬᠤ ᠶᠤᠮ᠃ ᠣᠯᠠᠨ ᠢᠶᠠᠷ ᠢᠶᠠᠨ ᠬᠤᠷᠠᠯ ᠳᠤ ᠣᠷᠣᠯᠴᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂

ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠣᠯ ᠢᠶᠠᠷ ᠣᠯᠠᠨ

ᠲᠦᠮᠡᠨ ᠤ ᠣᠶᠤᠨ ᠤᠬᠠᠭᠠᠨ ᠢ ᠲᠥᠪᠯᠡᠷᠡᠭᠦᠯᠦᠨ᠂ ᠰᠠᠨᠠᠯ ᠰᠠᠨᠠᠭᠤᠯᠭ᠎ᠠ ᠪᠠᠨ ᠳᠡᠪᠰᠢᠬᠦᠯᠵᠦ᠂ ᠲᠣᠰ ᠪᠡᠶ᠎ᠡ ᠶᠢᠨ

ᠳᠠᠪᠠᠭᠤᠯᠢᠭ ᠪᠠ ᠠᠪᠢᠶᠠᠰ ᠴᠢᠳᠠᠪᠤᠷᠢ ᠪᠠᠨ ᠭᠦᠶᠴᠡᠳ ᠪᠠᠳᠠᠷᠠᠭᠤᠯᠵᠤ᠂ ᠡᠯ᠎ᠡ ᠵᠦᠶᠯ ᠤᠨ ᠠᠵᠢᠯ ᠤᠨ ᠮᠡᠳᠡᠭᠦᠯᠦᠯᠲᠡ

 ᠶᠢ ᠬᠢᠨᠠᠨ ᠵᠦᠪᠯᠡᠵᠦ ᠰᠠᠶᠢᠲᠤᠷ ᠶᠠᠷᠢᠯᠴᠠᠨ᠂ ᠠᠷᠠᠳ ᠲᠦᠮᠡᠨ ᠠᠴᠠ ᠣᠯᠭᠤᠭᠰᠠᠨ ᠡᠷᠬᠡ ᠶᠢ ᠰᠠᠶᠢᠲᠤᠷ

ᠭᠡᠷᠡᠭᠵᠢᠬᠦᠯᠵᠦ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠲᠦᠯᠦᠪᠵᠢᠬᠦᠯᠦᠨ᠂

ᠲᠣᠰ ᠤᠳᠠᠭᠠᠨ ᠤ ᠬᠤᠷᠠᠯ ᠢ ᠦᠵᠡᠯ ᠰᠠᠨᠠᠭ᠎ᠠ ᠪᠠᠨ ᠨᠢᠭᠡᠳᠬᠡᠭᠰᠡᠨ᠂ ᠬᠠᠮᠲᠤ ᠶᠢᠨ ᠲᠠᠨᠢᠯᠲᠠ ᠪᠠᠨ

ᠨᠢᠭᠲᠠᠷᠠᠭᠤᠯᠤᠭᠰᠠᠨ᠂ ᠬᠦᠴᠦᠨ ᠴᠢᠳᠠᠯ ᠢᠶᠠᠨ ᠨᠢᠭᠲᠠᠷᠠᠭᠤᠯᠤᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ

ᠬᠦᠰᠡᠵᠦ ᠪᠠᠶᠢᠨ᠎ᠠ ᠭᠡᠯ᠎ᠡ᠃

ᠭᠡᠰᠢᠭᠦᠳ ᠬᠠᠮᠳᠤᠪᠠᠷ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ

ᠴᠡᠭᠡᠵᠢᠯᠡᠵᠦ᠂ ᠶᠡᠭᠡ ᠬᠤᠷᠠᠯ ᠳᠤ ᠪᠣᠳᠠᠲᠠᠢ ᠶᠢ ᠡᠷᠬᠢᠮᠯᠡᠭᠰᠡᠨ ᠠᠷᠭ᠎ᠠ ᠪᠤᠳᠤᠯᠭ᠎ᠠ ᠳᠡᠪᠰᠢᠭᠦᠯᠵᠦ᠂ ᠢᠳᠡᠪᠬᠢᠲᠡᠢ ᠪᠠᠷ

ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ

᠂ ᠠᠷᠠᠳ ᠲᠦᠮᠡᠨ ᠤ ᠰᠡᠳᠬᠢᠯ ᠤᠨ ᠳᠠᠭᠤᠨ ᠢ ᠲᠤᠰᠬᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ

ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠬᠤᠰᠢᠭᠤ ᠤᠳᠤᠷᠢᠳᠤᠯᠭ᠎ᠠ ᠹᠧᠩ ᠵᠢᠶᠠᠨ ᠵᠢᠶᠦ᠋ᠨ᠂ ᠡᠷᠬᠢᠮ᠂ ᠯᠢ ᠳ᠋ᠦᠩ᠂ ᠦᠨᠳᠦᠰᠦ᠂ ᠼᠦᠢ ᠮᠢᠩ ᠬᠤᠸᠠ᠂

ᠢᠦᠢ ᠵᠤᠸᠠᠩ᠂ ᠳ᠋ᠢᠩ ᠬᠤᠩ ᠨᠠᠷ ᠬᠠᠮᠳᠤ ᠪᠤᠯᠭᠤᠭᠠᠨ ᠦᠵᠡᠭᠰᠡᠨ ᠪᠠᠶᠢᠨ᠎ᠠ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号