ᠰᠣᠶᠣᠯᠲᠤ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 24 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠣᠶᠣᠯᠲᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ  ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠯᠢ ᠪᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠶᠢᠨ ᠱᠠᠨ ᠬᠤᠷᠠᠯ ᠳᠤ ᠤᠷᠤᠯᠴᠠᠵᠤ᠂ ᠬᠤᠰᠢᠭᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠵᠣᠬᠢᠴᠠᠭᠤᠯᠤᠨ ᠬᠠᠷᠢᠯᠴᠠᠬᠤ ᠲᠤᠭᠤᠶᠢᠯᠠᠩ ᠤᠨ ᠳᠠᠷᠤᠭ᠎ᠠ ᠭᠤᠤ ᠵᠢᠶᠠ ᠰᠢᠨ ᠬᠤᠷᠠᠯ ᠳᠤ ᠣᠷᠣᠯᠴᠠᠵᠤ ᠵᠢᠭᠠᠨ ᠵᠢᠯᠤᠭᠤᠳᠤᠭᠰᠠᠨ ᠪᠠᠶᠢᠨ᠎ᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠶ᠎ᠠ ᠪᠠᠶᠢᠭᠤᠯᠭ᠎ᠠ ᠶᠢᠨ ᠭᠤᠤᠯ ᠰᠡᠳᠦᠪᠲᠦ ᠬᠥᠮᠦᠵᠢᠯ ᠥᠷᠨᠢᠭᠦᠯᠦᠭᠰᠡᠨ ᠪᠠᠶᠢᠳᠠᠯ᠂ ᠨᠠᠮ ᠤᠨ ᠡᠭᠦᠷ ᠤᠨ ᠲᠦᠷᠦᠭᠦᠦ ᠵᠢᠯ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠡᠮᠦᠨᠡᠬᠢ ᠪᠡᠯᠡᠳᠬᠡᠯ ᠪᠠᠶᠢᠳᠠᠯ ᠢ ᠨᠡᠶᠢᠳᠡᠯᠡᠵᠦ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠭᠰᠠᠨ ᠪᠠᠶᠢᠨ᠎ᠠ᠃ ᠨᠠᠮ ᠤᠨ ᠡᠭᠦᠷ ᠤᠨ ᠪᠠᠭ ᠤᠨ ᠪᠦᠷᠢᠯᠳᠦᠬᠦᠨ ᠲᠤᠰ ᠲᠤᠰ ᠥᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢᠶᠠᠨ ᠡᠷᠢᠵᠦ ᠭᠠᠷᠭᠠᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠬᠦ ᠶᠢᠨ ᠬᠠᠮᠲᠤ ᠬᠤᠶᠢᠰᠢᠳᠠ ᠶᠢᠨ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠤᠳᠤᠷᠬᠠᠶᠢᠯᠠᠵᠠᠢ᠃ ᠬᠤᠷᠠᠯ ᠠᠴᠠ ᠪᠠᠰᠠ ᠨᠠᠮ ᠤᠨ ᠡᠭᠦᠷ ᠤᠨ ᠨᠠᠮ ᠤᠨ ᠭᠡᠰᠢᠭᠦᠳ ᠲᠤ ᠠᠷᠠᠳᠴᠢᠯᠠᠯ ᠢᠶᠠᠷ ᠦᠨᠡᠯᠡᠯᠲᠡ ᠬᠢᠭᠰᠡᠨ ᠪᠠᠶᠢᠨ᠎ᠠ᠃      ᠰᠣᠶᠣᠯᠲᠤ᠂ ᠥᠩᠭᠡᠷᠡᠭᠰᠡᠨ ᠨᠢᠭᠡ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠵᠦᠪᠯᠡᠵᠦ ᠲᠤᠰᠠᠯᠠᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ  ᠪᠠᠨ ᠴᠢᠨᠠᠷ ᠰᠠᠶᠢᠲᠠᠶ ᠭᠦᠶᠴᠡᠳᠬᠡᠬᠦ ᠳᠤ ᠴᠢᠷᠮᠠᠶᠢᠨ ᠠᠵᠢᠯᠯᠠᠵᠤ᠂ ᠢᠯᠡᠳᠲᠡ ᠦᠷ᠎ᠡ ᠪᠦᠲᠦᠮᠵᠢ ᠤᠯᠵᠠᠢ ᠬᠡᠰᠡᠨ ᠪᠦᠭᠡᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠶᠢᠯᠠᠭᠠᠬᠤ ᠳᠤᠮᠳᠠ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠮᠡᠳᠡᠯᠭᠡ ᠶᠢᠨ ᠰᠢᠨᠡᠴᠢᠯᠡᠯᠲᠡ ᠪᠠᠨ ᠲᠦᠷᠭᠡᠳᠬᠡᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ  ᠢᠶᠠᠨ ᠠᠬᠢᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠨᠡ ᠤᠳᠠᠭᠠᠨ ᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠦᠬᠦ ᠬᠦᠴᠦᠨ ᠢᠶᠠᠷ ᠢᠶᠠᠨ ᠴᠢᠳᠠᠪᠤᠷᠢ ᠪᠠᠨ ᠳᠡᠭᠡᠭᠰᠢᠯᠡᠭᠦᠯᠵᠦ ᠰᠤᠷᠲᠠᠯ ᠢᠶᠠᠨ ᠬᠤᠪᠢᠷᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠬᠢᠬᠦ ᠬᠡᠷᠡᠭᠲᠡᠢ᠃ ᠠᠯᠪᠠᠨ ᠭᠡᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠺᠠᠳ᠋ᠷ  ᠤᠨ ᠡᠩᠨᠡᠭᠡᠨ ᠤ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠦᠨ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠪᠠ ᠨᠠᠮ  ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤ ᠶᠢᠨ ᠬᠤᠷᠢᠶᠠᠨ ᠤ ᠠᠵᠢᠯ ᠤᠨ ᠶᠡᠭᠡ ᠲᠠᠯ᠎ᠠ ᠳᠤ ᠦᠨᠡᠨ ᠬᠦ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号