ᠬᠤᠷᠠᠯ ᠳᠤ ᠤᠷᠤᠯᠴᠠᠬᠤ ᠭᠡᠰᠢᠭᠦᠳ ᠲᠤ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠬᠦᠯᠬᠦ ᠪᠤᠯᠪᠠᠰᠤᠷᠠᠯ ᠬᠦᠷᠳᠡᠭᠡᠯ᠎ᠡ
ᠨᠡᠶᠢᠲᠡᠯᠡᠭᠰᠡᠨ ᠴᠠᠭ᠄
2024/1/26

 1 ᠰᠠᠷ᠎ᠠ ᠶᠢᠨ 24 ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ

ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠬᠤ

ᠭᠡᠰᠢᠭᠦᠳ ᠲᠤ ᠡᠭᠦᠷᠭᠡ ᠲᠤᠰᠢᠶᠠᠯ ᠢᠶᠠᠨ ᠬᠦᠢᠴᠡᠳᠭᠡᠭᠦ ᠴᠢᠳᠠᠪᠤᠷᠢ ᠶᠢ ᠳᠡᠭᠡᠭᠰᠢᠯᠡᠬᠦᠯᠬᠦ ᠪᠣᠯᠪᠠᠰᠤᠷᠠᠯ ᠬᠦᠷᠲᠡᠭᠡᠯ᠎ᠡ᠃

ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ

ᠭᠠᠩᠪᠦ᠋ᠬᠡ ᠬᠤᠷᠠᠯ ᠳᠤ ᠤᠷᠤᠯᠴᠠᠨ ᠶᠠᠷᠢᠶ᠎ᠠ ᠳᠠᠯᠪᠢᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ

ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠦᠨᠳᠦᠰᠦ ᠪᠣᠯᠪᠠᠰᠤᠷᠠᠯ ᠢ ᠡᠷᠬᠢᠯᠡᠵᠦ᠂

ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠮᠢᠩ ᠬᠤᠸᠠ᠂ ᠳᠡᠳ᠋ ᠲᠡᠷᠢᠭᠦᠯᠡᠭᠴᠢ

 ᠶᠢᠨ ᠵᠢᠱᠢᠭᠳᠡᠭᠴᠢ ᠢᠦᠢ ᠵᠤᠸᠠᠩ᠂ ᠳ᠋ᠢᠩ ᠬᠤᠩ ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃

 

ᠭᠠᠩᠪᠦ᠋ᠬᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯ ᠡᠯ᠎ᠡ ᠦᠨᠳᠦᠰᠦᠲᠡᠨ ᠡᠯ᠎ᠡ ᠡᠲᠡᠭᠡᠳ ᠤᠨ

ᠲᠥᠯᠥᠭᠡᠯᠡᠭᠴᠢ ᠪᠠᠶᠢᠵᠦ᠂ ᠴᠥᠮ ᠥᠪᠡᠷ ᠥᠪᠡᠷ ᠤᠨ ᠳᠠᠪᠠᠭᠤᠯᠢᠭ ᠲᠠᠯ᠎ᠠ ᠪᠠ ᠴᠢᠬᠤᠯᠠ ᠡᠭᠦᠷᠭᠡ ᠬᠠᠷᠢᠭᠤᠴᠠᠯᠭ᠎ᠠ

 ᠲᠠᠢ ᠶᠤᠮ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠤᠷᠤᠯᠴᠠᠬᠤ ᠣᠶᠢᠯᠠᠭᠠᠭᠳᠠᠬᠤᠨ ᠢ

ᠪᠠᠲᠤ ᠪᠤᠢ ᠪᠤᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠵᠠᠰᠠᠭ ᠲᠤ ᠣᠷᠣᠯᠴᠠᠨ ᠵᠠᠰᠠᠭ ᠤᠨ

ᠶᠠᠪᠤᠳᠠᠯ ᠢ ᠵᠥᠪᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠷᠢᠭᠤᠴᠠᠯᠭᠠᠳᠤ ᠰᠡᠳᠬᠢᠯᠭᠡ᠂

ᠢᠷᠠᠭᠤ ᠠᠯᠳᠠᠷᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠨ᠂ ᠰᠣᠷᠣᠭᠰᠠᠨ ᠣᠨᠣᠯ ᠤᠨ ᠮᠡᠳᠡᠯᠭᠡ ᠪᠠᠨ

ᠦᠶᠯᠡᠳᠦᠯᠭᠡ ᠳᠤ ᠬᠡᠷᠡᠭᠵᠢᠬᠦᠯᠬᠦ ᠬᠡᠷᠡᠭᠲᠡᠶ᠃ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠥᠪᠡᠷ ᠢ ᠪᠠᠨ

ᠵᠤᠷᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ

ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ

ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ

ᠲᠠᠨᠢᠯᠲᠠ ᠶᠢ ᠨᠢᠭᠲᠠᠷᠠᠭᠤᠯᠬᠤ ᠠᠵᠢᠯ ᠢ ᠰᠠᠶᠢᠲᠤᠷ ᠬᠢᠵᠦ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ

ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠣᠯᠠᠨ ᠲᠦᠮᠡᠨ ᠤ ᠣᠶᠤᠨ ᠰᠠᠨᠠᠭ᠎ᠠ ᠪᠠ ᠬᠦᠴᠦᠨ ᠢ

ᠲᠦᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤᠨ ᠤ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃

ᠪᠣᠯᠪᠠᠰᠤᠷᠠᠯ ᠳᠡᠭᠡᠷ᠎ᠡ᠂ ︽ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ

ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ

ᠪᠠᠶᠢᠭᠤᠯᠤᠯᠲᠠ ᠶᠢ ᠪᠠᠶᠢᠭᠤᠯᠬᠤ ᠲᠤᠬᠠᠶ ᠮᠡᠳᠡᠭᠳᠡᠯ ︾ ᠢ ᠤᠩᠰᠢᠨ ᠨᠡᠶᠢᠳᠡᠯᠡᠵᠡᠢ᠃

 ᠪᠤᠯᠪᠠᠰᠤᠷᠠᠯ ᠢᠶᠠᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠪᠠ ᠰᠤᠷᠤᠯᠴᠠᠯᠭ᠎ᠠ ᠶᠢᠨ

ᠵᠥᠪᠯᠡᠯ ᠤᠨ ᠡᠷᠬᠢᠯᠡᠭᠴᠢ ᠯᠢᠨ ᠵᠠᠨ ᠵᠢᠶᠦ᠋ᠨ ᠢ ᠤᠷᠢᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ

ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ

ᠳᠡᠭᠡᠭᠰᠢᠯᠡᠭᠦᠯᠬᠦ ᠲᠠᠯ᠎ᠠ ᠪᠠᠷ  ᠵᠢᠯᠤᠭᠤᠳᠤᠯᠭ᠎ᠠ ᠬᠢᠯᠭᠡᠵᠦ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ

 ᠶᠢᠨ ᠪᠠᠭᠰᠢ ᠮᠦᠰᠢᠶᠡᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠳᠠᠪᠠᠭᠤᠯᠢᠭ ᠢ

ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢᠨ ᠲᠤᠭᠤᠷᠢᠨ ᠳᠤ ᠲᠤᠰᠬᠠᠢ ᠰᠡᠳᠦᠪ ᠢᠶᠠᠷ

ᠬᠢᠴᠢᠶᠡᠯᠯᠡᠭᠰᠡᠨ ᠪᠠᠶᠢᠨ᠎ᠠ᠃

ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ

ᠬᠤᠷᠢᠶᠠᠨ ᠤ ᠪᠦᠬᠦ ᠭᠡᠰᠢᠭᠦᠳ ᠪᠣᠯᠪᠠᠰᠤᠷᠠᠯ ᠳᠤ ᠤᠷᠤᠯᠴᠠᠵᠠᠢ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号