ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ  ᠤ ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠬᠤ ᠭᠡᠰᠢᠭᠦᠳ ᠥᠨᠥᠳᠦᠷ ᠨᠡᠷ᠎ᠡ ᠮᠡᠳᠡᠭᠦᠯᠦᠯ᠎ᠡ
ᠨᠡᠶᠢᠲᠡᠯᠡᠭᠰᠡᠨ ᠴᠠᠭ᠄
2024/1/26
ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠬᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ 1 ᠰᠠᠷ᠎ᠠ ᠶᠢᠨ 24 ᠤ ᠦᠳᠡ ᠶᠢᠨ ᠡᠮᠦᠨ᠎ᠡ ᠶᠡᠭᠡ ᠬᠤᠷᠠᠯ ᠳᠤ ᠨᠡᠷ᠎ᠡ ᠮᠡᠳᠡᠬᠦᠯᠦᠯ᠎ᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠢᠦᠢ ᠵᠤᠸᠠᠩ ᠲᠤᠬᠠᠢ ᠶᠢᠨ ᠳᠠᠯᠠᠪᠠᠢ ᠳᠤ ᠬᠦᠷᠴᠦ ᠬᠡᠰᠢᠬᠦᠳ ᠲᠠᠢ ᠠᠭᠤᠯᠵᠠᠭᠰᠠᠨ ᠪᠠᠶᠢᠨ᠎ᠠ᠃      ᠨᠡᠷ᠎ᠡ ᠮᠡᠳᠡᠭᠦᠯᠬᠦ ᠭᠠᠵᠠᠷ ᠲᠤ ᠭᠡᠰᠢᠭᠦᠳ ᠠᠵᠢᠯᠲᠠᠨ ᠤ ᠵᠢᠯᠣᠭᠤᠳᠣᠯᠭ᠎ᠠ ᠪᠠᠷ ᠬᠠᠮᠢᠶ᠎ᠠ ᠪᠥᠬᠦᠶ ᠭᠠᠷ ᠭᠦᠶᠴᠡᠳᠬᠡᠯ ᠢ ᠬᠢᠵᠦ᠂ ᠬᠤᠷᠠᠯ ᠳᠤ ᠤᠷᠤᠯᠴᠠᠬᠤ ᠬᠡᠷᠡᠴᠢ ᠦᠨᠡᠮᠯᠡᠯ ᠵᠢᠴᠢ ᠪᠢᠴᠢᠭ ᠮᠠᠲ᠋ᠧᠷᠢᠶᠠᠯ ᠢᠶᠠᠨ ᠠᠪᠴᠦ᠂ ᠬᠤᠷᠠᠯ ᠤᠨ ᠳᠠᠷᠠᠭᠠᠯᠠᠯ᠂ ᠬᠤᠷᠠᠯ ᠤᠨ ᠲᠠᠯᠠᠪᠠᠶ ᠶᠢᠨ ᠲᠣᠬᠢᠷᠠᠭᠤᠯᠤᠯᠲᠠ ᠵᠡᠷᠭᠡ ᠶᠢ ᠤᠶᠢᠯᠠᠭᠠᠨ᠂ ᠶᠡᠭᠡ ᠬᠤᠷᠠᠯ ᠳᠤ ᠤᠷᠤᠯᠴᠠᠬᠤ ᠪᠡᠯᠡᠳᠭᠡᠯ ᠢᠶᠠᠨ ᠬᠢᠵᠦ ᠪᠠᠶᠢᠯ᠎ᠠ᠃ ᠢᠷᠡᠬᠦ 2 ᠡᠳᠦᠷ ᠤᠨ ᠬᠤᠭᠤᠴᠠᠭᠠᠨ ᠳᠤ᠂ ᠭᠡᠰᠢᠭᠦᠳ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠰᠦᠪᠡᠭᠴᠢᠯᠡᠵᠦ᠂ ᠠᠷᠠᠳ ᠣᠯᠠᠨ ᠤ ᠬᠦᠰᠡᠯ ᠡᠷᠡᠮᠡᠯᠵᠡᠯ ᠢ ᠬᠤᠶᠠᠷ ᠬᠤᠷᠠᠯ ᠳᠤ ᠳᠡᠪᠰᠢᠬᠦᠯᠭᠦ ᠪᠤᠯᠤᠨ᠎ᠠ᠃     ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠭᠡᠰᠢᠭᠦᠳ ᠠᠷᠠᠳ ᠤᠨ ᠠᠮᠢᠳᠤᠷᠠᠯ ᠪᠣᠯᠤᠨ ᠪᠦᠬᠦ ᠬᠤᠰᠢᠭᠤᠨ  ᠤ ᠬᠥᠭᠵᠢᠯᠲᠡ ᠶᠢᠨ ᠲᠤᠭᠤᠷᠢᠨ ᠳᠤ ᠦᠨᠳᠦᠰᠦᠨ ᠱᠠᠲᠤᠨ ᠤ ᠠᠷᠠᠳ ᠤᠯᠠᠨ ᠤ ᠬᠦᠰᠡᠯ  ᠡᠷᠡᠮᠵᠡᠯᠡᠯ ᠢ ᠲᠤᠰᠬᠠᠭᠰᠠᠨ ᠰᠠᠨᠠᠯ ᠳᠤᠷᠠᠳᠤᠯᠭ᠎ᠠ ᠪᠠᠨ ᠪᠡᠯᠡᠳᠭᠡᠵᠦ᠂ ᠤᠯᠤᠰ ᠲᠦᠷᠦ ᠳᠤ ᠵᠦᠪᠯᠡᠵᠦ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠵᠤ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠤᠨ ᠲᠣᠭᠤᠷᠢᠨ ᠳᠤ᠂ ᠢᠳᠡᠪᠬᠢᠲᠡᠢ  ᠪᠠᠷ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠪᠠᠷ ᠪᠤᠢ᠃      ᠭᠡᠰᠢᠭᠦᠨ ᠬᠠᠨ ᡁᠢ ᠬᠠᠶ ᠬᠡᠯᠡᠬᠦ ᠳᠡᠭᠡᠨ᠄ ︽ᠡᠨᠡ ᠤᠳᠠᠭ᠎ᠠ ᠪᠢ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠠᠵᠤ ᠦᠢᠯᠡᠰ ᠢ ᠬᠦᠭᠵᠢᠬᠦᠯᠬᠦ ᠲᠤᠬᠠᠢ ᠰᠠᠨᠠᠭᠤᠯᠭ᠎ᠠ ᠲᠤᠷᠠᠳᠬᠤ ᠪᠠᠷ ᠪᠠᠶᠢᠨ᠎ᠠ᠃ ᠲᠡᠮᠡᠭᠡᠨ ᠬᠢᠷᠭᠤᠤᠯ ᠡᠪᠡᠳᠴᠢᠨ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠣᠷᠴᠢᠨ ᠲᠣᠭᠤᠷᠢᠨ ᠳᠤ ᠵᠤᠬᠢᠴᠠᠬᠤ ᠴᠢᠳᠠᠪᠤᠷᠢ ᠰᠠᠶᠢᠨ᠂ ᠦᠷᠡᠵᠢᠯᠳᠡ ᠨᠢ ᠲᠦᠷᠭᠡᠨ ᠪᠦᠭᠡᠳ ᠠᠷᠠᠰᠤ ᠨᠣᠤᠰᠣ ᠥᠨᠳᠡᠭᠡ ᠮᠢᠬ᠎ᠠ ᠨᠢ ᠪᠦᠷ ᠮᠠᠰᠢ ᠥᠨᠳᠥᠷ ᠠᠵᠤ ᠠᠬᠤᠶ ᠶᠢᠨ ᠦᠨ᠎ᠡ ᠥᠷᠲᠡᠭ  ᠲᠠᠢ᠂ ᠮᠠᠨ ᠤ ᠬᠤᠰᠢᠭᠤᠨ ᠤ ᠠᠮᠢ ᠠᠬᠤᠢ ᠳᠤ ᠬᠠᠮᠤᠭ ᠠᠴᠠ ᠲᠣᠬᠢᠷᠠᠮᠵᠢᠲᠠᠢ ᠪᠠᠶᠢᠵᠦ᠂ ᠡᠷᠬᠢᠨ ᠲᠣᠭᠤᠷᠢᠨ ᠤ ᠮᠠᠯᠵᠢᠬᠤ ᠡᠷᠦᠬᠡ ᠳᠤ ᠪᠠᠶᠠᠵᠢᠨ ᠴᠢᠨᠡᠭᠡᠯᠢᠭᠵᠢᠬᠦ ᠰᠢᠨ᠎ᠡ ᠵᠠᠮ ᠢ ᠤᠯᠭᠤᠬᠤ ᠪᠤᠯᠤᠨ᠎ᠠ᠃ ᠪᠢ ᠲᠣᠰ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠬᠤᠶᠢᠰᠢᠳᠠ ᠡᠭᠦᠷᠭᠡ ᠬᠠᠷᠢᠭᠤᠴᠠᠯᠭ᠎ᠠ  ᠪᠠᠨ ᠬᠦᠢᠴᠡᠳᠭᠡᠵᠦ᠂ ᠡᠷᠬᠢᠨ ᠲᠣᠭᠤᠷᠢᠨ ᠤ ᠮᠠᠯᠵᠢᠬᠤ ᠡᠷᠦᠬᠡ ᠶᠢ ᠳᠠᠶᠢᠴᠢᠯᠠᠨ ᠲᠡᠵᠢᠭᠡᠨ ᠦᠷᠡᠵᠢᠭᠦᠯᠬᠦ ᠦᠢᠯᠡᠰ  ᠲᠤ ᠤᠷᠤᠯᠴᠠᠭᠤᠯᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠤᠨ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠨ᠎ᠡ︾ ᠭᠡᠯ᠎ᠡ᠃      ᠭᠡᠰᠢᠭᠦᠨ ᠨᠠᠷᠠᠰᠤ᠄ ︽ᠮᠠᠯᠴᠢᠨ ᠬᠡᠰᠢᠬᠦᠨ ᠪᠣᠯᠤᠭᠰᠠᠨ ᠤ ᠬᠤᠪᠢ ᠳᠤ᠂ ᠪᠢ ᠲᠤᠰ ᠤᠳᠠᠭᠠᠨ ᠤ ᠬᠤᠷᠠᠯ  ᠳᠤ ᠮᠠᠯᠴᠢᠳ ᠤᠨ ᠠᠮᠢᠳᠤᠷᠠᠯ ᠳᠤ ᠲᠤᠯᠭᠠᠷᠠᠵᠤ ᠪᠠᠶᠢᠭ᠎ᠠ ᠮᠠᠯ ᠤᠨ ᠦᠨ᠎ᠡ ᠬᠠᠩᠰᠢ ᠪᠠᠭᠤᠷᠠᠭᠰᠠᠨ᠂ ᠡᠪᠡᠰᠦ ᠪᠣᠷᠳᠣᠭᠠᠨ ᠤ ᠦᠨ᠎ᠡ ᠬᠠᠩᠰᠢ ᠥᠰᠦᠭᠰᠡᠨ ᠵᠡᠷᠭᠡ ᠬᠦᠴᠢᠷ ᠲᠠᠢ ᠪᠠᠶᠢᠳᠠᠯ ᠳᠣᠤᠷ᠎ᠠ ᠮᠠᠯᠴᠢᠳ ᠤᠨ ᠲᠠᠷᠤᠭᠠᠰᠤ ᠶᠢ ᠬᠦᠩᠭᠡᠯᠡᠭᠦ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠪᠤᠯᠤᠨ᠎ᠠ︾ ᠭᠡᠯ᠎ᠡ᠃      ᠭᠡᠰᠢᠭᠦᠳ᠂ ᠬᠤᠷᠠᠯ ᠤᠨ ᠬᠤᠭᠤᠴᠠᠭᠠᠨ ᠳᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠶᠡᠭᠡ ᠶᠠᠪᠤᠳᠠᠯ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠳᠠᠮᠵᠢᠭᠤᠯᠵᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ  ᠵᠦᠪᠯᠡᠨ᠂ ᠰᠢᠯᠤᠭᠤᠨ ᠬᠦᠬᠡ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠭᠡᠵᠡᠭᠡᠵᠦ ᠪᠠᠶᠢᠯ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号