ᠯᠢᠦ ᠰᠢᠶᠤᠤ ᠮᠢᠨ ᠪᠠᠶᠢᠭ᠎ᠠ ᠨᠠᠮ ᠤᠨ ᠡᠭᠦᠷ ᠤᠨ ᠢᠶᠠᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠪᠠᠷ ᠰᠤᠷᠤᠯᠴᠠᠨ᠂  ᠵᠦᠷᠢᠶ᠎ᠠ ᠲᠠᠢ ᠲᠠᠯ᠎ᠠ ᠪᠠ ᠬᠦᠷᠦᠯᠴᠡᠬᠦ ᠥᠬᠡᠶ ᠲᠠᠯ᠎ᠠ ᠪᠠᠨ ᠪᠠᠶᠢᠴᠠᠭᠠᠨ ᠬᠢᠨᠠᠵᠤ᠂ ᠠᠰᠠᠭᠤᠳᠠᠯ ᠤᠨ ᠦᠨᠳᠦᠰᠦ ᠰᠢᠯᠳᠠᠭᠠᠨ ᠳᠤ ᠵᠠᠳᠠᠯᠤᠯᠳᠠ ᠬᠢᠭᠰᠡᠨ ᠪᠠᠶᠢᠨ᠎ᠠ᠃      ᠯᠢᠦ ᠰᠢᠶᠤᠤ ᠮᠢᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠬᠤ ᠪᠠᠷ  ᠴᠤᠭ ᠵᠢᠪᠬᠤᠭ᠎ᠠ ᠶᠢ ᠳᠠᠶᠢᠴᠢᠯᠠᠵᠤ᠂ ᠣᠶᠤᠨ ᠤᠬᠠᠭᠠᠨ ᠢᠶᠠᠨ ᠨᠡᠮᠡᠭᠳᠡᠭᠦᠯᠦᠨ᠂ ᠰᠤᠷᠲᠠᠯ ᠢ ᠲᠥᠪ ᠪᠤᠯᠭᠠᠵᠤ᠂ ᠠᠵᠢᠯ ᠢ ᠠᠬᠢᠭᠤᠯᠬᠤ ᠶᠢ ᠪᠠᠷᠢᠮᠳᠠᠯᠠᠨ᠂ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ᠭᠤᠷᠪᠠ ᠳᠤ ᠦᠶᠯᠡᠴᠢᠯᠡᠬᠦ︾ ᠠᠵᠢᠯ  ᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯ ᠤᠨ ᠪᠠᠶᠢᠳᠠᠯ ᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠬᠡᠷᠡᠭᠲᠡᠶ ᠭᠡᠵᠦ ᠵᠢᠭᠠᠯ᠎ᠠ᠃      ᠯᠢᠦ ᠰᠢᠶᠤᠤ ᠮᠢᠨ᠂ ᠵᠠᠰᠠᠭ ᠤᠨ ᠣᠷᠳᠣᠨ ᠤ ᠠᠯᠪᠠᠨ ᠬᠡᠷ ᠨᠢ ᠪᠥᠬᠦ ᠬᠤᠰᠢᠭᠤᠨ ᠤ ᠵᠠᠰᠠᠭ ᠤᠨ ᠣᠷᠳᠣᠨ  ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠠᠵᠢᠯᠯᠠᠭᠠᠨ ᠤ ᠵᠠᠩᠬᠢᠯᠠᠭ᠎ᠠ ᠪᠣᠯᠤᠭᠰᠠᠨ ᠤ ᠬᠤᠪᠢ ᠳᠤ᠂ ᠪᠠᠶᠢᠷᠢ ᠰᠠᠭᠤᠷᠢ ᠨᠢ ᠣᠨᠴᠠᠭᠠᠶ᠂ ᠦᠶᠯᠡᠳᠦᠯ ᠨᠢ ᠭᠤᠤᠯ ᠪᠣᠯᠬᠤ ᠤᠴᠢᠷ ᠠᠴᠠ ᠡᠷᠬᠡᠪᠰᠢ ᠦᠨᠡᠨᠴᠢ ᠰᠢᠳᠤᠷᠭᠤ ᠪᠠᠶᠢᠬᠤ ᠶᠢ ᠡᠷᠬᠢᠮᠯᠡᠬᠦ ᠲᠠᠯ᠎ᠠ ᠪᠠᠷ ᠥᠯᠢᠭᠡᠷ ᠳᠠᠭᠤᠷᠢᠶᠠᠯ ᠤᠨ ᠦᠢᠯᠡᠳᠦᠯ ᠦᠵᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠪᠠᠷᠢᠮᠵᠢᠶ᠎ᠠ ᠪᠠᠷ ᠨᠠᠮᠴᠢ ᠴᠢᠨᠠᠷ ᠤᠨ ᠳᠠᠪᠲᠠᠯᠲᠠ ᠪᠠ ᠦᠶᠯᠡᠳᠦᠯᠭᠡ ᠶᠢᠨ ᠳᠠᠪᠲᠠᠯᠲᠠ ᠪᠠᠨ ᠴᠢᠩᠭᠠᠳᠬᠠᠬᠤ ᠬᠡᠷᠡᠭᠲᠡᠶ᠃ ᠤᠯᠤᠰ ᠲᠥᠷᠥ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ᠂ ᠦᠶᠯᠡᠴᠢᠯᠡᠭᠡᠨ ᠤ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠬᠠᠤᠯᠢ ᠴᠠᠭᠠᠵᠠ ᠶᠢᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ᠂ ᠤᠬᠠᠭᠤᠯᠬᠤ ᠤᠬᠠᠮᠰᠠᠷ᠂ ᠨᠢᠭᠤᠴᠠ ᠶᠢ ᠬᠠᠮᠠᠭᠠᠯᠠᠬᠤ ᠤᠬᠠᠮᠰᠠᠷ᠂ ᠡᠷᠡᠭᠦᠯ ᠮᠡᠨᠳᠦ ᠶᠢᠨ ᠤᠬᠠᠮᠰᠠᠷ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ  ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠡᠯ᠎ᠡ ᠵᠦᠶᠯ ᠤᠨ ᠠᠵᠢᠯ ᠪᠠ ᠦᠶᠯᠡᠴᠢᠯᠡᠭᠡ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠠᠶᠠᠰ ᠢ ᠴᠢᠩᠭ᠎ᠠ ᠲᠠᠭᠠᠨ᠂ ᠵᠥᠪᠯᠡᠭᠴᠢ ᠲᠤᠰᠠᠯᠠᠭᠴᠢ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠯᠠᠪᠳᠠᠭᠤᠨ ᠪᠠᠲᠤᠲᠠᠶ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠨᠠᠷᠢᠨ ᠨᠢᠮᠪᠠᠶ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠶᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠬᠥᠭᠵᠢᠯᠲᠦ᠂ ᠠᠮᠵᠢᠯᠳᠤ᠂ ᠯᠢᠦᠶ ᠡᠾᠦ᠋ᠢ᠂ ᠱᠧᠨ ᠭᠤᠸᠠᠩ ᠱᠧᠩ᠂ ᠵᠣᠷᠢᠭᠰᠠᠶᠢᠬᠠᠨ ᠵᠡᠷᠭᠡ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠡᠰᠢᠬᠦᠳ ᠵᠢᠴᠢ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号