ᠴᠠᠰᠤᠨ ᠳᠤ ᠬᠠᠰᠢᠭᠳᠠᠭᠰᠠᠨ ᠳᠡᠷᠭᠡ ᠤᠨᠤᠭ᠎ᠠ ᠶᠢ ᠠᠪᠤᠷᠠᠨ ᠲᠤᠰᠠᠯᠠᠯ᠎ᠠ
ᠨᠡᠶᠢᠲᠡᠯᠡᠭᠰᠡᠨ ᠴᠠᠭ᠄
2024/1/26
 

ᠤᠶᠢᠷ᠎ᠠ ᠶᠢᠨ ᠡᠳᠦᠷ᠂ ᠴᠠᠰᠤ ᠰᠢᠭᠤᠷᠭᠠᠨ ᠠᠴᠠ ᠪᠤᠯᠵᠤ ᠠᠭᠠᠷ ᠤᠨ ᠳᠤᠯᠠᠭᠠᠨ ᠲᠡᠭ ᠠᠴᠠ ᠳᠣᠷᠣᠭᠰᠢ 30

ᠭᠷᠠᠳᠦ᠋ᠰ ᠬᠦᠷᠴᠦ᠂ ᠵᠠᠮ ᠳᠠᠭᠠᠤ ᠨᠡᠶᠢᠳᠡᠮ ᠳᠡᠭᠡᠨ 70 - 80 ᠰᠡᠨᠲ᠋ᠢᠮᠧᠲᠷ ᠵᠤᠵᠠᠭᠠᠨ ᠴᠠᠰᠤ ᠬᠤᠷᠠᠨ

ᠦᠵᠡᠭᠳᠡᠴᠡ ᠶᠢᠨ ᠬᠡᠮᠵᠢᠶ᠎ᠡ ᠬᠤᠶᠠᠷ ᠮᠧᠲᠷ ᠬᠦᠷᠬᠦ ᠦᠭᠡᠢ ᠪᠣᠯᠵᠤ ᠤᠯᠠᠨ ᠲᠦᠮᠡᠨ ᠤ ᠶᠠᠪᠤᠵᠤ ᠰᠠᠭᠤᠬᠤ ᠳᠤ

ᠨᠦᠯᠦᠭᠡ ᠪᠤᠯᠵᠠᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ

ᠲᠥᠯᠥᠭᠡ᠂ ᠦᠨᠳᠦᠷ ᠬᠤᠷᠳᠤᠴᠠᠳᠤ ᠵᠠᠰᠠᠮᠠᠯ ᠵᠠᠮ ᠤᠨ ᠬᠤᠶᠠᠳᠤᠭᠠᠷ ᠰᠠᠯᠪᠤᠷᠢ ᠠᠩᠭᠢ ᠶᠢᠨ ᠰᠠᠩ ᠤᠨ ᠲᠡᠯᠡᠶ ᠶᠡᠭᠡ

ᠠᠩᠭᠢ ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠤᠭᠰᠠᠨ ᠪᠤᠯᠪᠠᠴᠤ ᠵᠠᠮ ᠢ

ᠪᠢᠲᠡᠭᠦᠮᠵᠢᠯᠡᠬᠦ ᠠᠴᠠ ᠡᠮᠦᠨ᠎ᠡ ᠨᠢᠭᠡᠨᠲᠡ ᠵᠠᠮ ᠳᠤ ᠭᠠᠷᠤᠭᠰᠠᠨ ᠬᠡᠰᠡᠭ ᠲᠡᠷᠭᠡ ᠵᠠᠯᠭᠠᠭ᠎ᠠ ᠪᠠᠷ ᠴᠠᠰᠤᠨ ᠳᠤ

ᠬᠠᠰᠢᠭᠳᠠᠭᠰᠠᠨ ᠪᠠᠶᠢᠨ᠎ᠠ᠃ ᠵᠠᠮ ᠬᠠᠷᠢᠯᠴᠠᠭᠠᠨ ᠤ ᠴᠠᠭᠳᠠᠭ᠎ᠠ ᠨᠠᠷ ᠳᠠᠷᠤᠶᠢᠬᠠᠨ ᠬᠦᠳᠡᠯᠦᠯᠴᠡᠵᠦ᠂ ᠬᠠᠰᠢᠭᠳᠠᠭᠰᠠᠨ

ᠳᠡᠷᠭᠡ ᠤᠨᠤᠭ᠎ᠠ ᠳᠤ ᠲᠤᠰᠠᠯᠠᠮᠵᠢ ᠬᠠᠩᠭᠠᠭᠰᠠᠨ ᠪᠠᠶᠢᠨ᠎ᠠ᠃

 

ᠵᠢᠯᠣᠭᠤᠴᠢ ᠯᠢ ᠳ᠋ᠠ᠄ ︽ᠪᠢᠲᠡ ᠲᠤᠮᠤ ᠵᠥᠭᠡᠭᠡᠪᠦᠷᠢ ᠶᠢᠨ ᠲᠡᠷᠭᠡ ᠪᠠᠷ ᠰᠠᠯᠬᠢᠨ ᠬᠦᠴᠦᠨ ᠤ ᠴᠠᠬᠢᠯᠭᠠᠨ ᠤ ᠰᠡᠯᠪᠢᠭ

ᠲᠤᠨᠤᠭ ᠢ ᠴᠢᠭᠤᠯᠤᠯᠲᠤ ᠬᠠᠭᠠᠯᠭ᠎ᠠ ᠬᠤᠲᠠ ᠶᠢᠨ ᠵᠠᠩᠪᠸᠢ ᠰᠢᠶᠠᠨ ᠠᠴᠠ ᠰᠢᠯᠢᠩᠬᠤᠲᠠ ᠳᠤ ᠵᠥᠭᠡᠭᠡᠪᠦᠷᠢᠯᠡᠳᠡᠭ᠃

ᠦᠳᠡ ᠶᠢᠨ ᠡᠮᠦᠨᠡᠬᠢ ᠠᠷᠪᠠᠨ ᠴᠠᠭ ᠭᠠᠷᠤᠶ ᠳᠤ ᠬᠠᠪᠢᠷᠭ᠎ᠠ ᠶᠢᠨ ᠤᠶᠢᠷᠠᠯᠴᠠᠭ᠎ᠠ ᠢᠷᠡᠵᠦ ᠰᠢᠭᠤᠷᠭᠠᠨ ᠳᠤ

ᠬᠠᠰᠢᠭᠳᠠᠵᠠᠢ᠃ ᠵᠠᠮ ᠬᠠᠷᠢᠯᠴᠠᠭᠠᠨ ᠤ ᠴᠠᠭᠳᠠᠭ᠎ᠠ ᠨᠠᠷ ᠪᠢᠳᠡᠨ ᠳᠤ ᠬᠠᠪᠰᠤᠷᠴᠤ ᠴᠠᠰᠤ ᠠᠷᠢᠯᠭᠠᠨ ᠵᠠᠮ ᠢ

ᠰᠢᠯᠤᠭᠤᠳᠬᠠᠭᠰᠠᠨ︾ ᠭᠡᠯ᠎ᠡ᠃

ᠦᠨᠳᠦᠷ ᠬᠤᠷᠳᠤᠴᠠᠳᠤ ᠵᠠᠰᠠᠮᠠᠯ ᠵᠠᠮ ᠤᠨ ᠬᠤᠶᠠᠳᠤᠭᠠᠷ ᠰᠠᠯᠪᠤᠷᠢ ᠠᠩᠭᠢ ᠶᠢᠨ ᠰᠠᠩ ᠤᠨ ᠲᠡᠯᠡᠶ ᠶᠡᠭᠡ ᠠᠩᠭᠢ ᠨᠢ

ᠰᠠᠩ ᠤᠨ ᠲᠡᠯᠡᠶ ᠠᠷᠠᠴᠢᠯᠠᠨ ᠬᠠᠮᠠᠭᠠᠯᠠᠬᠤ ᠲᠥᠪ ᠲᠠᠢ ᠬᠠᠮᠲᠤᠷᠠᠨ᠂ 5 ᠴᠠᠭᠳᠠᠭᠠᠨ ᠤ ᠲᠡᠷᠭᠡ᠂ 5 ᠠᠷᠠᠴᠢᠯᠠᠨ

ᠬᠠᠮᠠᠭᠠᠯᠠᠬᠤ ᠠᠵᠢᠯ ᠤᠨ ᠲᠡᠷᠭᠡ ᠶᠢ ᠬᠥᠳᠡᠯᠭᠡᠵᠦ᠂ ᠠᠪᠤᠷᠠᠨ ᠲᠤᠰᠠᠯᠠᠬᠤ ᠠᠵᠢᠯ ᠢ ᠦᠳᠳᠦᠷ ᠲᠦᠷᠭᠡᠨ

ᠥᠷᠨᠢᠭᠦᠯᠵᠦ᠂ ᠬᠤᠷᠠᠭᠰᠠᠨ ᠴᠠᠰᠤᠨ ᠳᠤ ᠰᠠᠭᠠᠳᠠᠭᠰᠠᠨ ᠲᠡᠷᠭᠡ ᠤᠨᠤᠭ᠎ᠠ ᠶᠢ ᠠᠪᠤᠷᠠᠨ ᠲᠤᠰᠠᠯᠠᠭᠰᠠᠨ ᠪᠠᠶᠢᠨ᠎ᠠ᠃

ᠠᠪᠤᠷᠠᠨ ᠲᠤᠰᠠᠯᠠᠬᠤ ᠠᠵᠢᠯ ᠨᠢ 23 ᠤ ᠥᠷᠯᠥᠭᠡ ᠶᠢᠨ 3 ᠴᠠᠭ ᠠᠴᠠ ᠰᠥᠨᠢ ᠶᠢᠨ 22 ᠴᠠᠭ ᠪᠣᠯᠲᠠᠯ᠎ᠠ 19

ᠴᠠᠭ ᠦᠷᠬᠦᠯᠵᠢᠯᠡᠵᠦ᠂ ᠲᠡᠭ ᠠᠴᠠ ᠳᠣᠷᠣᠭᠰᠢ 30 ᠭᠷᠠᠳᠦ᠋ᠰ ᠤᠨ ᠬᠦᠶᠲᠡᠨ ᠳᠤ ᠨᠡᠶᠢᠲᠡ 70 ᠭᠠᠷᠤᠶ

ᠬᠠᠰᠢᠭᠳᠠᠭᠰᠠᠨ ᠲᠡᠷᠭᠡ ᠶᠢ ᠲᠤᠰᠠᠯᠠᠭᠰᠠᠨ ᠪᠠᠶᠢᠨ᠎ᠠ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号