2024 ᠣᠨ ᠤ 1 ᠰᠠᠷ᠎ᠠ ᠶᠢᠨ 26 ᠤ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | | ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠯᠢᠦ ᠰᠢᠶᠣᠤ ᠮᠢᠨ | ᠲᠥᠯᠥᠭᠡᠯᠡᠭᠴᠢᠳ ᠡ᠄ | ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ | ᠣᠷᠣᠯᠴᠠᠭᠰᠠᠳ ᠰᠠᠨᠠᠯ ᠢᠶᠠᠨ ᠳᠡᠪᠰᠢᠭᠦᠯᠦᠭᠡᠷᠡᠢ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠮᠥᠨ ᠴᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠬᠤᠷᠢᠭᠯᠠᠬᠤ ᠠᠵᠢᠯ ᠤᠨ ᠳᠠᠷᠠᠭᠠᠬᠢ ᠠᠵᠤ ᠠᠬᠤᠶ ᠰᠡᠷᠭᠦᠨ ᠬᠥᠭᠵᠢᠭᠰᠡᠨ ᠨᠢᠭᠡ ᠵᠢᠯ ᠪᠣᠯᠤᠨ᠎ᠠ᠂ ᠪᠠᠰᠠ ᠴᠤ ᠮᠠᠨ ᠤ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠢᠯᠡᠳᠲᠡ ᠦᠷ᠎ᠡ ᠪᠦᠲᠦᠮᠵᠢ ᠣᠯᠤᠭᠰᠠᠨ ᠨᠢᠭᠡ ᠵᠢᠯ | ᠪᠣᠯᠤᠨ᠎ᠠ᠃ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠰᠢᠵᠢᠮ ᠪᠣᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ | ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠢᠶᠠᠷ ᠥᠷᠨᠢᠬᠦᠯᠦᠨ᠂ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ | ᠬᠢᠨᠠᠮᠠᠭᠠᠶ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ︽ᠰᠢᠨ᠎ᠡ ᠵᠠᠮ | ᠨᠡᠭᠡᠭᠡᠨ᠂ ᠰᠢᠨ᠎ᠡ ᠠᠬᠢᠯᠲᠠ ᠶᠢ ᠣᠯᠬᠤ︾ ᠳᠤ ᠠᠩᠬᠠᠷᠤᠯ ᠢᠶᠠᠨ ᠬᠠᠨᠳᠤᠭᠤᠯᠵᠤ᠂ ︽ᠳᠠᠪᠠᠭᠤᠯᠢᠭ ᠢᠶᠠᠨ ᠪᠠᠳᠠᠷᠠᠭᠤᠯᠵᠤ᠂ | ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠬᠤ︾ ᠪᠠᠷ ᠴᠢᠷᠮᠠᠶᠢᠨ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠭᠦᠷᠢ ᠶᠢ | ᠰᠡᠷᠭᠡᠶᠢᠯᠡᠬᠦ ᠵᠡᠷᠭᠡ ᠡᠯ᠎ᠡ ᠵᠦᠶᠯ ᠤᠨ ᠠᠵᠢᠯ ᠢ ᠪᠠᠳᠤᠲᠠᠢ ᠠᠬᠢᠭᠤᠯᠵᠤ᠂ ᠴᠢᠨᠠᠷᠯᠢᠭ ᠬᠥᠭᠵᠢᠯᠲᠡ ᠵᠦᠭ ᠯᠠᠪᠳᠠᠭᠤᠨ ᠢᠶᠠᠷ | ᠤᠷᠤᠭᠰᠢᠯᠠᠭᠰᠠᠨ ᠨᠢᠭᠡ ᠵᠢᠯ ᠪᠣᠯᠤᠨ᠎ᠠ᠃ | ︵ᠨᠢᠭᠡ︶ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ | ᠪᠦᠬᠦ ᠵᠢᠯ ᠤᠨ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠨᠢ 6 % ᠪᠠᠷ ᠨᠡᠮᠡᠭᠳᠡᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 15. 1 % ᠪᠠᠷ ᠳᠡᠭᠡᠭᠰᠢᠯᠡᠨ᠂ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠨᠢ ᠵᠢᠯ ᠤᠨ ᠡᠬᠢᠨ ᠤ ᠲᠥᠰᠦᠪ ᠠᠴᠠ 5. 1 % ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ 7. 7 % ᠪᠠᠷ ᠳᠡᠭᠡᠭᠰᠢᠯᠡᠨ᠂ ᠨᠡᠮᠡᠭᠳᠡᠯ | ᠥᠷᠲᠡᠭ ᠨᠢ 11.1 % ᠳᠤ ᠬᠦᠷᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ | ᠨᠢ 5. 9 % ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤᠶᠢᠴᠠ ᠣᠷᠣᠯᠭ᠎ᠠ ᠨᠢ ᠲᠤᠰ ᠲᠤᠰ 6. 1 % ᠪᠠ 7 % ᠪᠠᠷ ᠳᠡᠭᠡᠭᠰᠢᠯᠡᠵᠡᠢ᠃ | | ︵ᠬᠤᠶᠠᠷ︶ ᠡᠷᠴᠢᠮ ᠬᠦᠴᠦᠨ ᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠯᠲᠠ ᠶᠢ ᠠᠬᠢᠭᠤᠯᠪᠠ | | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠪᠡ᠃ ︽ᠬᠤᠨᠢ ᠶᠢ ᠴᠥᠭᠡᠳᠭᠡᠨ᠂ | ᠦᠬᠡᠷ ᠮᠠᠯᠵᠢᠵᠤ︾ ᠦᠬᠡᠷ ᠤᠨ ᠲᠤᠭ᠎ᠠ ᠲᠣᠯᠣᠭᠠᠢ 34.2 ᠲᠥᠮᠡ ᠳᠤ ᠬᠦᠷᠪᠡ᠃ ᠰᠠᠶᠢᠨ ᠡᠭᠦᠯᠳᠡᠷ ᠤᠨ ᠮᠢᠬᠠᠨ ᠤ | ᠦᠬᠡᠷ ᠤᠨ 13 ᠭᠤᠣᠯᠳᠠᠯᠭᠠᠲᠤ ᠰᠦᠷᠦᠭ ᠪᠠ 31 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠵᠤ᠂ | ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠪᠠ ᠤᠨᠳᠤᠷᠤᠯᠲᠠ ᠶᠢᠨ ᠨᠣᠷᠮ᠎ᠠ ᠨᠢ ᠲᠣᠰ ᠲᠣᠰ 96. 9 | % ᠪᠠ 85 % ᠳᠤ ᠬᠦᠷᠪᠡ᠃ ᠵᠢᠯ ᠳᠤ ᠳᠤᠮᠳᠠᠴᠢ ᠪᠠᠷ 3000 ᠲᠣᠯᠤᠭᠠᠢ ᠰᠠᠶᠢᠨ ᠡᠭᠦᠯᠳᠡᠷ ᠤᠨ ᠦᠬᠡᠷ | ᠪᠣᠶᠢᠵᠢᠭᠤᠯᠤᠨ᠂ ᠪᠣᠷᠳᠣᠨ ᠲᠠᠷᠭᠤᠯᠠᠭᠤᠯᠬᠤ ᠬᠡᠪᠴᠢᠶ᠎ᠡ ᠨᠢ 1 ᠲᠦᠮᠡᠨ ᠲᠣᠯᠤᠭᠠᠢ ᠳᠤ ᠬᠦᠷᠴᠡᠢ᠃ ᠮᠢᠬᠠᠨ ᠤ ᠦᠬᠡᠷ | ᠨᠢᠲᠤᠯᠵᠤ ᠡᠳ᠋ᠰᠢᠭᠦᠯᠬᠦ ᠨᠢᠭᠡ ᠵᠣᠷᠪᠤᠰ ᠦᠢᠯᠡᠳᠪᠦᠷᠢᠯᠡᠯ ᠤᠨ ᠱᠤᠭᠤᠮ ᠨᠡᠮᠡᠭᠳᠡᠭᠦᠯᠵᠦ᠂ ᠵᠢᠯ ᠳᠤ 10 ᠲᠦᠮᠡᠨ ᠲᠣᠯᠣᠭᠠᠶ | ᠨᠢᠳᠤᠯᠵᠤ ᠡᠳ᠋ᠰᠢᠬᠦᠯᠬᠦ ᠪᠣᠯᠪᠠ᠃ ᠰᠠᠩ ᠤᠨ ᠳᠠᠯᠠᠢ ᠳᠠᠬᠢ ᠡᠪᠡᠰᠦᠨ ᠤ ᠦᠢᠯᠡᠰ ᠤᠨ ᠬᠦᠷᠢᠶᠡᠯᠡᠩ᠂ ᠲᠢᠶᠠᠨ ᠶᠤᠸᠠᠨ | ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ 31 ᠡᠷᠦᠬᠡ ᠰᠠᠭᠠᠯᠢ ᠶᠢᠨ ᠦᠨᠢᠶᠡᠨ | ᠤ ᠳᠤᠮᠳᠠ ᠵᠢᠵᠢᠭ ᠮᠠᠯᠵᠢᠯ ᠤᠨ ᠲᠠᠯᠠᠪᠠᠢ ᠲᠠᠢ ᠪᠣᠯᠵᠤ᠂ 5. 47 ᠲᠥᠮᠡᠨ ᠲᠣᠯᠤᠭᠠᠢ ᠰᠠᠭᠠᠯᠢ ᠶᠢᠨ ᠦᠨᠢᠶ᠎ᠡ ᠲᠡᠵᠢᠭᠡᠵᠦ᠂ | ᠵᠢᠯ ᠤᠨ ᠰᠦᠨ ᠤ ᠭᠠᠷᠤᠯᠲᠠ ᠨᠢ 9. 8 ᠲᠦᠮᠡᠨ ᠲᠤᠨ ᠳᠤ ᠬᠦᠷᠴᠡᠢ᠃ ᠰᠢᠯᠤᠭᠤᠨ ᠬᠥᠬᠡ ᠬᠤᠰᠢᠭᠤᠨ ᠤ ︽ᠴᠤᠷ᠎ᠠ︾ | ᠨᠢ ᠪᠥᠬᠦ ᠤᠯᠤᠰ ᠤᠨ ᠬᠥᠳᠡᠭᠡ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠨ ᠣᠷᠣᠵᠤ᠂ | ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠵᠧᠩ ᠾᠧ ᠤᠯᠠᠭᠠᠨ ᠢᠳᠡᠭᠡᠨ ᠤ ᠺᠣᠮᠫᠠᠨᠢ ᠶᠢ ︽ᠲᠥᠪ ᠤᠨ ᠨᠥᠭᠡᠴᠡᠯᠡᠯᠲᠡ | ︾ ᠶᠢᠨ ᠮᠢᠬ᠎ᠠ ᠶᠢ ᠬᠠᠩᠭᠠᠬᠤ ᠠᠵᠤ ᠠᠬᠤᠶᠢᠯᠠᠯ ᠢᠶᠠᠷ ᠲᠣᠭᠲᠠᠭᠠᠵᠤ᠂ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠨᠢ | ︽ᠥᠪᠥᠷ ᠮᠣᠩᠭᠤᠯ ᠤᠨ ᠨᠡᠷᠡᠮᠵᠢᠲᠤ︾ ᠠᠵᠤ ᠠᠬᠤᠶᠢᠯᠠᠯ ᠢᠶᠠᠷ ᠲᠣᠭᠲᠠᠭᠠᠭᠳᠠᠨ᠂ ᠰᠢ ᠪᠸᠢ ᠾᠦᠢ ᠲᠦᠩ ᠮᠠᠯ ᠠᠵᠤ | ᠠᠬᠤᠶ ᠶᠢᠨ ᠺᠣᠮᠫᠠᠨᠢ ᠨᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠯᠤᠭᠠᠶᠢᠯᠠᠭᠴᠢ︾ ᠠᠵᠤ ᠠᠬᠤᠶᠢᠯᠠᠯ ᠢᠶᠠᠷ | ᠦᠨᠡᠯᠡᠭᠳᠡᠵᠦ᠂ ᠱᠠᠩᠳᠤ ᠦᠬᠡᠷ ᠤᠨ ᠮᠢᠬᠠᠨ ᠤ ᠺᠣᠮᠫᠠᠨᠢ ᠨᠢ ︽ᠥᠪᠥᠷ ᠮᠣᠩᠭᠤᠯ ᠤᠨ ᠦᠨᠦᠷ ᠠᠮᠲᠠ︾ ᠶᠢ ᠲᠥᠯᠦᠭᠡᠯᠡᠬᠦ | ᠡᠷᠬᠡ ᠣᠯᠣᠭᠰᠠᠨ ᠦᠶᠯᠡᠳᠪᠦᠷᠢᠯᠡᠯ ᠤᠨ ᠠᠵᠤ ᠠᠬᠤᠶᠢᠯᠠᠯ ᠢᠶᠠᠷ ᠵᠢᠭᠰᠠᠭᠠᠭᠳᠠᠵᠤ᠂ 9 ᠡᠷᠦᠬᠡ ᠴᠠᠭᠠᠨ ᠢᠳᠡᠭᠡᠨ ᠤ | ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ︽ᠰᠢᠯᠢ ᠶᠢᠨ ᠭᠤᠤᠯ ᠤᠨ ᠪᠢᠰᠢᠯᠠᠭ︾ ᠭᠡᠬᠦ ᠨᠠᠷᠠᠲᠤ ᠲᠡᠮᠳᠡᠭ ᠤᠨ | ᠡᠷᠬᠡ ᠶᠢ ᠣᠯᠵᠠᠢ᠃ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢ 21.6 ᠲᠦᠮᠡᠨ ᠮᠥ ᠪᠣᠯᠤᠨ ᠨᠡᠮᠡᠭᠳᠡᠵᠦ᠂ ᠤᠨᠠᠯᠲᠠ ᠨᠢ | 4 ᠲᠦᠮᠡᠨ ᠲᠣᠨ ᠳᠤ ᠬᠦᠷᠴᠡᠶ᠃ | | ᠠᠵᠤ ᠦᠶᠯᠡᠳᠪᠦᠷᠢ ᠶᠢᠨ ᠦᠷ᠎ᠡ ᠠᠰᠢᠭ ᠢ ᠨᠡᠮᠡᠭᠳᠡᠭᠦᠯᠪᠡ᠃ ᠪᠦᠬᠦ ᠵᠢᠯ ᠤᠨ ᠴᠠᠬᠢᠯᠭᠠᠨ ᠭᠠᠷᠭᠠᠯᠲᠠ ᠶᠢᠨ ᠬᠡᠮᠵᠢᠶ᠎ᠡ ᠨᠢ | 193 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠰᠢᠨ᠎ᠡ ᠲᠡᠮᠳᠡᠭᠯᠡᠯ ᠢ ᠡᠭᠦᠳᠴᠡᠢ᠃ 3 ᠡᠷᠦᠬᠡ ᠠᠵᠤ | ᠦᠢᠯᠡᠳᠪᠦᠷᠢ ᠶᠢᠨ ᠠᠵᠤ ᠠᠬᠤᠶᠢᠯᠠᠯ ᠨᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢᠶᠠᠷ ᠪᠦᠷᠢᠳᠭᠡᠭᠳᠡᠪᠡ᠃ | ᠱᠠᠩᠳᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ᠂ ᠳᠠᠩ ᠾᠧ ᠰᠠᠯᠬᠢᠨ | ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢ ᠠᠰᠢᠭᠯᠠᠨ | 189 ᠲᠦᠮᠡᠨ ᠺᠢᠯᠣᠸᠠᠲ ᠤᠨ ᠴᠠᠬᠢᠯᠭᠠᠨ ᠭᠠᠷᠭᠠᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ 33. 7 % ᠶᠢ ᠡᠵᠡᠯᠡᠪᠡ | ᠃ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ 9 ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠢ | 40. 2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 218 . 3 % ᠪᠠᠷ ᠨᠡᠮᠡᠭᠳᠡᠨ᠂ ᠦᠶᠯᠡᠳᠬᠦᠨ ᠤ ᠶᠡᠷᠦᠩᠬᠡᠶ | ᠥᠷᠲᠡᠭ ᠨᠢ 454. 2 % ᠢᠶᠠᠷ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠦᠶᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ15.7 ᠵᠠᠭᠤᠨ ᠤ ᠬᠤᠪᠢ ᠪᠠᠷ ᠳᠠᠶᠢᠴᠢᠯᠠᠨ᠂ 204.6 | % ᠶᠢᠨ ᠬᠤᠪᠢ ᠨᠡᠮᠡᠷᠢ ᠦᠵᠡᠭᠦᠯᠪᠡ᠃ ᠶᠦᠨ ᠳ᠋ᠠ ᠦᠢᠯᠡᠳᠪᠦᠷᠢᠯᠡᠯ ᠤᠨ ᠰᠠᠭᠤᠷᠢᠨ ᠢ ᠠᠰᠢᠭᠯᠠᠯᠲᠠ ᠳᠤ ᠣᠷᠣᠭᠤᠯᠪᠠ᠃ | ᠬᠦᠷᠢᠶᠡᠯᠡᠩ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ 58 ᠳ᠋ᠦᠩᠰᠢᠭᠤᠷ | ᠲᠥᠭᠦᠷᠢᠭ ᠢ ᠳᠠᠪᠠᠵᠤ᠂ ᠭᠠᠶᠢᠯᠢ ᠶᠢᠨ ᠣᠷᠣᠯᠭ᠎ᠠ ᠨᠢ 2. 5 ᠳ᠋ᠦᠩᠰᠢᠭᠤᠷ ᠲᠥᠭᠦᠷᠢᠭ ᠲᠤ ᠬᠦᠷᠴᠦ᠂ ᠮᠦ ᠪᠦᠷᠢ ᠶᠢᠨ | ᠳᠤᠮᠳᠠᠴᠢ ᠦᠢᠯᠡᠳᠬᠦᠨ ᠤ ᠥᠷᠲᠡᠭ ᠨᠢ 92. 8 ᠲᠦᠮᠡᠨ ᠲᠥᠭᠦᠷᠢᠭ ᠲᠤ ᠬᠦᠷᠴᠦ᠂ ᠪᠦᠬᠦ ᠠᠶᠢᠮᠠᠭ ᠲᠤ ᠲᠡᠷᠢᠭᠦᠯᠡᠪᠡ᠃ | | ᠭᠤᠷᠪᠠᠳᠤᠭᠠᠷ ᠠᠵᠤ ᠦᠶᠯᠡᠰ ᠤᠨ ᠬᠦᠭᠵᠢᠯᠲᠡ ᠲᠦᠷᠭᠡᠰᠪᠡ᠃ ᠪᠦᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ | ᠨᠡᠮᠡᠯᠲᠡ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3.8 % ᠪᠠᠷ ᠨᠡᠮᠡᠭᠳᠡᠪᠡ᠃ ︽ᠶᠤᠸᠠᠨ ᠤ ᠳᠡᠭᠡᠳᠦ ᠨᠡᠶᠢᠰᠯᠡᠯ | ᠤᠨ ᠪᠠᠭᠤᠷᠢ︾᠂ ︽ᠬᠤᠯᠠᠨ ᠰᠢᠷᠭ᠎ᠠ ᠲᠠᠭ᠎ᠠ︾᠂ ︽ᠰᠢᠷ᠎ᠠ ᠲᠠᠯ᠎ᠠ︾ ᠭᠡᠬᠦ ᠰᠣᠶᠣᠯ ᠵᠢᠭᠤᠯᠴᠢᠯᠠᠯ ᠤᠨ ᠨᠥᠯᠦᠭᠡᠯᠡᠬᠦ | ᠬᠦᠴᠦᠨ ᠢ ᠦᠷᠭᠦᠯᠵᠢᠯᠡᠨ ᠬᠦᠭᠵᠢᠬᠦᠯᠪᠡ᠃ ︽ᠪᠠᠶᠢᠭᠠᠯᠢ ᠠᠮᠢ ᠠᠬᠤᠢ ᠶᠢᠨ ᠵᠤᠭᠠᠴᠠᠯ ᠤᠨ ᠭᠠᠵᠠᠷ︾ ᠨᠢ ᠪᠦᠬᠦ ᠤᠯᠤᠰ | ᠤᠨ ︽ᠬᠥᠬᠡᠭᠴᠢᠨ ᠲᠡᠰ ᠤᠨ ᠵᠢᠭᠤᠯᠴᠢᠯᠠᠯ ᠤᠨ ᠭᠠᠵᠠᠷ︾ ᠢᠶᠠᠷ ᠦᠨᠡᠯᠡᠭᠳᠡᠵᠦ᠂ 5 ᠵᠢᠭᠤᠯᠴᠢᠯᠠᠯ ᠤᠨ ᠦᠷᠳᠡᠭᠡ ᠨᠢ ᠰᠢᠯᠢ | ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠣᠭᠤᠮ ᠤᠨ ᠤᠳᠤᠨ ᠲᠡᠰ ᠤᠨ ᠦᠷᠳᠡᠭᠡ | ᠪᠠᠷ ᠦᠨᠡᠯᠡᠭᠳᠡᠵᠡᠢ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠨ ᠳᠡᠯᠭᠡᠷᠡᠭᠦᠯᠬᠦ ᠲᠥᠷᠥᠯ ᠵᠦᠢᠯ᠂ | ᠵᠢᠭᠤᠯᠴᠢᠳ ᠲᠤ ᠦᠢᠯᠡᠴᠢᠯᠡᠬᠦ ᠲᠥᠪ᠂ ᠴᠠᠭᠠᠨ ᠢᠳᠡᠭᠡᠨ ᠤ ᠵᠣᠭᠤᠭ ᠤᠨ ᠥᠷᠦᠭᠡ᠂ ᠡᠩᠭᠡᠷ ᠭᠠᠴᠠᠭᠠᠨ ᠤ ᠬᠤᠪᠢᠰᠬᠠᠯ | ᠤᠨ ᠲᠤᠷᠠᠰᠬᠠᠯᠲᠤ ᠭᠠᠵᠠᠷ ᠢ ᠪᠠᠶᠢᠭᠤᠯᠵᠤ ᠳᠠᠭᠤᠰᠬᠠᠪᠠ᠃ ᠠᠯᠲᠠᠩᠬᠤᠸᠠ ᠴᠡᠴᠡᠭ ᠰᠣᠨᠢᠷᠬᠠᠬᠤ ᠨᠠᠶᠢᠷ᠂ ᠴᠠᠭᠠᠨ | ᠢᠳᠡᠭᠡᠨ ᠤ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠵᠦ᠂ ᠮᠣᠩᠭᠤᠯ ᠮᠣᠷᠢᠨ ᠤ ᠬᠤᠯᠪᠣᠭᠠᠲᠤ | ᠤᠷᠤᠯᠳᠤᠭᠠᠨ ᠤ ᠰᠢᠯᠤᠭᠤᠨ ᠬᠥᠬᠡ ᠬᠤᠰᠢᠭᠤᠨ ᠳᠠᠬᠢ ᠣᠷᠣᠯᠳᠤᠭᠠᠨ ᠢ ᠬᠥᠷ ᠬᠥᠭᠵᠢᠶᠡᠨᠲᠡᠶ ᠶᠠᠪᠤᠭᠳᠠᠭᠤᠯᠪᠠ᠃ ᠪᠥᠬᠦ | ᠵᠢᠯ ᠳᠤ 124 ᠲᠦᠮᠡᠨ ᠵᠢᠭᠤᠯᠴᠢᠳ ︵ᠤᠳᠠᠭ᠎ᠠ︶ ᠢ ᠭᠥᠯᠢᠶᠡᠨ ᠠᠪᠴᠤ᠂ 6. 8 ᠳ᠋ᠦᠩᠰᠢᠭᠤᠷ ᠲᠥᠭᠦᠷᠢᠭ ᠤᠨ | ᠣᠷᠣᠯᠭ᠎ᠠ ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 188 % ᠪᠠ 132 % ᠢᠶᠠᠷ ᠨᠡᠮᠡᠭᠳᠡᠵᠡᠢ᠃ 3 | ᠡᠷᠦᠬᠡ ᠦᠶᠯᠡᠳᠪᠦᠷᠢᠯᠡᠯ ᠤᠨ ᠦᠶᠯᠡᠴᠢᠯᠡᠭᠡᠨ ᠤ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ 3 ᠡᠷᠦᠬᠡ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠪᠦᠷᠢᠳᠭᠡᠯ ᠤᠨ ᠬᠡᠪᠴᠢᠶᠡᠨ ᠳᠤ ᠨᠡᠮᠡᠭᠳᠡᠨ ᠣᠷᠤᠵᠠᠢ᠃ ᠰᠢᠭᠤᠳ ᠨᠡᠪᠲᠡᠷᠡᠭᠦᠯᠭᠡ ᠶᠢᠨ | ᠴᠠᠬᠢᠮ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠡᠷᠴᠢᠮᠲᠡᠶ ᠬᠥᠭᠵᠢᠵᠦ᠂ ᠪᠥᠬᠦ ᠵᠢᠯ ᠤᠨ ᠴᠠᠬᠢᠮ | ᠬᠤᠳᠠᠯᠳᠤᠭᠠᠨ ᠤ ᠪᠣᠷᠣᠯᠠᠭᠤᠯᠭ᠎ᠠ ᠨᠢ 6553 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 4. 2 % ᠢᠶᠠᠷ ᠨᠡᠮᠡᠭᠳᠡᠵᠡᠢ᠃ ᠪᠣᠳᠠᠰ ᠤᠨ ᠭᠦᠢᠯᠭᠡᠭᠡᠨ ᠤ ᠦᠢᠯᠡᠰ ᠲᠦᠷᠭᠡᠨ ᠬᠥᠭᠵᠢᠵᠦ᠂ ᠪᠠᠷᠠᠭ᠎ᠠ ᠲᠡᠭᠡᠭᠡᠪᠦᠷᠢ ᠶᠢᠨ | ᠬᠡᠮᠵᠢᠶ᠎ᠡ 1000 ᠲᠦᠮᠡᠨ ᠲᠣᠨ ᠢ ᠳᠠᠪᠠᠪᠠ᠃ | ︵ᠭᠤᠷᠪᠠ︶ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ | | ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ ︽ᠬᠤᠶᠠᠷ ᠢ ᠰᠢᠯᠢᠳᠡᠭᠵᠢᠬᠦᠯᠬᠦ︾ ᠲᠤᠰᠬᠠᠢ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 115 ᠲᠦᠷᠦᠯ ᠤᠨ ᠠᠵᠢᠯ ᠢ ︽ᠨᠢᠭᠡ ᠯᠡ ᠤᠳᠠᠭ᠎ᠠ ᠳᠤ | ᠭᠦᠢᠴᠡᠳᠬᠡᠬᠦ︾ ᠢ ᠪᠡᠶᠡᠯᠡᠬᠦᠯᠦᠨ᠂ ︽ᠪᠢᠴᠢᠭ ᠮᠠᠲ᠋ᠧᠷᠢᠶᠠᠯ᠂ ᠠᠯᠬᠤᠮ ᠭᠤᠭᠴᠤᠭ᠎ᠠ᠂ ᠴᠠᠭ ᠬᠤᠭᠤᠴᠠᠭ᠎ᠠ︾ ᠶᠢ ᠴᠥᠮ | 80 % ᠪᠠᠷ ᠴᠣᠮᠬᠠᠳᠬᠠᠨ ᠪᠠᠭᠠᠰᠬᠠᠵᠤ᠂ ᠪᠦᠬᠦ ᠠᠶᠢᠮᠠᠭ ᠤᠨ ᠲᠡᠷᠢᠭᠦᠨ ᠤ ᠡᠩᠨᠡᠭᠡᠨ ᠳᠤ ᠣᠷᠤᠵᠠᠢ᠃ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ 258 ᠵᠦᠶᠯ ᠢ ︽ᠮᠠᠲ᠋ᠧᠷᠢᠶᠠᠯ ᠥᠬᠡᠶ︾ ᠪᠠᠷ ᠭᠦᠶᠴᠡᠳᠬᠡᠵᠦ᠂ 158 ᠵᠦᠶᠯ ᠢ ︽ | ᠮᠤᠵᠢ ᠠᠯᠤᠰᠯᠠᠨ ᠨᠡᠶᠢᠳᠡᠮ ᠭᠦᠢᠴᠡᠳᠭᠡᠨ︾᠂ 118 ᠵᠦᠶᠯ ᠢ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠪᠣᠯᠪᠠ᠃ | ᠪᠥᠬᠦ ᠵᠢᠯ ᠳᠤ 12345 ᠦᠢᠯᠡᠴᠢᠯᠡᠭᠡᠨ ᠤ ᠤᠲᠠᠰᠤ ᠶᠢ 3147 ᠤᠳᠠᠭ᠎ᠠ ᠲᠣᠰᠣᠨ᠂ ᠭᠥᠯᠢᠶᠡᠨ ᠠᠪᠤᠭᠰᠠᠨ ᠨᠣᠷᠮ᠎ᠠ᠂ | ᠭᠦᠢᠴᠡᠳᠭᠡᠭᠰᠡᠨ ᠨᠣᠷᠮ᠎ᠠ᠂ ᠬᠠᠨᠤᠮᠵᠢ ᠶᠢᠨ ᠨᠣᠷᠮ᠎ᠠ ᠨᠢ ᠴᠥᠮ 100 % ᠳᠤ ᠬᠦᠷᠴᠡᠢ᠃ 1499 ᠡᠷᠦᠬᠡ | ᠡᠵᠡᠩᠨᠡᠯᠲᠡ ᠶᠢᠨ ᠨᠢᠭᠡᠴᠡ ᠰᠢᠨ᠎ᠡ ᠪᠠᠷ ᠨᠡᠮᠡᠭᠳᠡᠵᠦ᠂ 58. 3 ᠳ᠋ᠦᠩᠰᠢᠭᠤᠷ ᠲᠥᠭᠦᠷᠢᠭ ᠤᠨ ᠬᠥᠷᠥᠩᠭᠡ ᠳᠠᠩᠰᠠᠯᠠᠭᠤᠯᠤᠨ᠂ | ᠲᠣᠰᠪᠣᠷᠢ 13. 5 % ᠪᠠ 23. 6 % ᠪᠠᠷ ᠨᠡᠮᠡᠭᠳᠡᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠳᠥᠰᠥᠯ ᠢᠶᠠᠷ 0. 5 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠳᠦᠷᠢᠭᠦᠯᠵᠦ᠂ 17. 8 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠷᠬᠠᠭᠠᠵᠠᠢ᠃ ᠠᠵᠤ ᠦᠶᠯᠡᠳᠪᠦᠷᠢ ᠳᠤ ᠬᠡᠷᠡᠭᠯᠡᠬᠦ 199. 8 ᠮᠥ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ | ᠥᠭᠪᠡ᠃ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠂ 3 ᠡᠷᠦᠬᠡ ᠠᠵᠤ ᠠᠬᠤᠶᠢᠯᠠᠯ ᠨᠢ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠮᠡᠷᠭᠡᠵᠢᠯ ᠤᠨ ᠬᠡᠯᠪᠡᠷᠢᠲᠦ ᠳᠤᠮᠳᠠ ᠵᠢᠵᠢᠭ ᠠᠵᠤ ᠠᠬᠤᠶᠢᠯᠠᠯ ᠳᠤ | ᠵᠢᠭᠰᠠᠭᠠᠭᠳᠠᠵᠤ᠂ 1 ᠡᠷᠦᠬᠡ ᠠᠵᠤ ᠠᠬᠤᠶᠢᠯᠠᠯ ᠨᠢ ᠰᠢᠨ᠎ᠡ ᠶᠢ ᠡᠭᠦᠳᠦᠭᠰᠡᠨ ᠠᠵᠤ ᠠᠬᠤᠶᠢᠯᠠᠯ ᠢᠶᠠᠷ ᠲᠣᠳᠤᠷᠠᠵᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠰᠢᠨ᠎ᠡ ᠪᠠᠷ ᠨᠡᠮᠡᠭᠳᠡᠨ 2 ᠪᠣᠯᠵᠠᠢ᠃ ᠱᠠᠩᠳᠤ ᠠᠵᠤ ᠦᠶᠯᠡᠳᠪᠦᠷᠢ ᠶᠢᠨ | ᠬᠦᠷᠢᠶᠡᠯᠡᠩ ᠤᠨ ᠰᠠᠭᠤᠷᠢ ᠳᠥᠬᠦᠭᠡᠷᠦᠮᠵᠢ᠂ ᠤᠰᠤ ᠬᠠᠩᠭᠠᠯᠲᠠ ᠵᠢᠴᠢ ᠤᠰᠤ ᠭᠠᠳᠠᠭᠰᠢᠯᠠᠭᠤᠯᠬᠤ ᠲᠣᠣᠷ ᠬᠤᠭᠤᠯᠠᠢ ᠪᠠ | ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠤᠨ ᠳᠥᠰᠥᠯ ᠢ ᠪᠦᠬᠦᠨ ᠢ ᠳᠠᠭᠤᠰᠬᠠᠵᠤ᠂ ︽ᠣᠶᠣᠨᠴᠢᠯᠠᠭᠰᠠᠨ | ᠠᠵᠤ ᠦᠢᠯᠡᠰ ᠤᠨ ᠬᠦᠷᠢᠶᠡᠯᠡᠩ︾ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠪᠡ᠃ | | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠪᠦᠳᠦᠮᠵᠢ ᠣᠯᠪᠠ᠃ ︽ᠠᠷᠠᠯᠵᠢᠶᠠᠴᠢᠨ ᠤᠷᠢᠵᠤ ᠪᠠᠯᠠ | ᠣᠷᠣᠭᠤᠯᠬᠤ︾ ᠣᠨ ᠤ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ | ᠠᠵᠢᠯ ᠤᠨ ᠲᠤᠰᠬᠠᠶ ᠳᠤᠭᠤᠶᠢᠯᠠᠩ ᠪᠠᠶᠢᠭᠤᠯᠪᠠ᠃ ᠪᠦᠬᠦ ᠵᠢᠯ ᠳᠤ 149 ᠠᠵᠤ ᠠᠬᠤᠶᠢᠯᠠᠯ ᠢ ︽ᠤᠷᠢᠨ ᠣᠷᠣᠭᠤᠯᠣᠭᠰᠠᠨ | ᠪᠣᠶᠣ ᠭᠠᠳᠠᠭᠰᠢ ᠭᠠᠷᠭᠠᠵᠤ︾᠂ 3 ᠤᠳᠠᠭᠠᠨ ᠤ ᠲᠤᠰᠬᠠᠢ ᠲᠠᠨᠢᠯᠴᠠᠭᠤᠯᠭ᠎ᠠ ᠶᠢᠨ ᠬᠤᠷᠠᠯ ᠡᠷᠬᠢᠯᠡᠨ᠂ 27 ᠲᠥᠰᠥᠯ ᠳᠤ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠵᠤ᠂ ᠶᠡᠷᠦᠩᠬᠡᠢ ᠥᠷᠳᠡᠭ ᠨᠢ 163 ᠳ᠋ᠦᠩᠰᠢᠭᠤᠷ ᠲᠥᠭᠦᠷᠢᠭ | ᠲᠤ ᠬᠦᠷᠴᠦ᠂ 6 ᠳᠥᠰᠥᠯ ᠨᠢ ᠲᠤᠬᠠᠢ ᠶᠢᠨ ᠵᠢᠯ ᠳᠡᠭᠡᠨ ᠭᠡᠷ᠎ᠡ ᠲᠣᠭᠲᠠᠵᠤ᠂ ᠳᠥᠰᠥᠪ ᠢᠶᠠᠨ ᠲᠣᠭᠲᠠᠭᠠᠨ ᠪᠠᠷᠢᠯᠭ᠎ᠠ | ᠡᠬᠢᠯᠡᠭᠦᠯᠪᠡ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠠᠴᠠ 8 ᠳᠥᠰᠥᠯ ᠢ ᠣᠷᠣᠭᠤᠯᠤᠨ ᠠᠪᠴᠢᠷᠠᠵᠤ᠂ | 30. 7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠳᠠᠲᠠᠨ ᠣᠷᠤᠭᠤᠯᠵᠤ᠂ ᠪᠦᠬᠦ ᠠᠶᠢᠮᠠᠭ ᠲᠤ ᠳᠥᠷᠪᠡᠳᠦᠭᠡᠷ ᠲᠤ | ᠪᠠᠶᠢᠷᠢᠯᠠᠪᠠ᠃ | ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠳᠡᠭᠡᠭᠰᠢᠯᠡᠪᠡ᠃ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ᠂ ᠤᠯᠤᠰ ᠤᠨ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ ᠨᠡᠮᠡᠵᠦ ᠲᠠᠷᠬᠠᠭᠠᠬᠤ ᠵᠡᠷᠭᠡ ᠲᠥᠷᠥ ᠶᠢᠨ ᠪᠣᠳᠣᠯᠭ᠎ᠠ | ᠶᠢᠨ ᠪᠠᠯᠠ ᠣᠷᠣᠭᠤᠯᠤᠯᠲᠠ ᠶᠢᠨ ᠬᠠᠨᠳᠤᠰᠢ ᠳᠤ ᠵᠣᠬᠢᠴᠠᠯᠳᠤᠨ᠂ ᠪᠥᠬᠦ ᠵᠢᠯ ᠳᠤ 12.27 ᠳ᠋ᠦᠩᠰᠢᠭᠤᠷ ᠲᠥᠭᠦᠷᠢᠭ ᠤᠨ | ᠳᠡᠭᠡᠳᠦ ᠱᠠᠲᠤᠨ ᠤ ᠪᠠᠯᠠ ᠮᠥᠩᠭᠦ ᠶᠢ ᠣᠯᠪᠠ᠃ ᠲᠦᠷᠦᠯ ᠵᠦᠢᠯ ᠤᠨ ᠪᠦᠬᠦ ᠶᠠᠪᠤᠴᠠ ᠶᠢ ᠳᠠᠭᠠᠭᠠᠴᠢᠯᠠᠨ ᠪᠠᠲᠤᠯᠠᠬᠤ ᠪᠠ | ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ ᠪᠤᠳᠠᠲᠠᠢ ᠠᠬᠢᠭᠤᠯᠤᠨ᠂ 204 ᠭᠤᠤᠯᠳᠠᠯᠭ᠎ᠠ ᠲᠠᠢ ᠳᠥᠰᠥᠯ ᠤᠨ ᠭᠠᠷᠳᠠᠮ | ᠢ ᠬᠤᠭᠤᠴᠠᠭ᠎ᠠ ᠶᠣᠰᠣᠭᠠᠷ ᠭᠦᠶᠴᠡᠳᠬᠡᠵᠦ ᠳᠠᠭᠤᠰᠬᠠᠨ᠂ 56 ᠭᠤᠤᠯᠳᠠᠯᠭ᠎ᠠ ᠲᠠᠢ ᠲᠥᠷᠥᠯ ᠵᠦᠶᠯ ᠢ ᠪᠦᠬᠦᠨ ᠢ | ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ᠂ ᠰᠠᠩ ᠤᠨ ᠲᠡᠯᠡᠶ ᠪᠠᠯᠭᠠᠰᠤᠨ ᠳᠤ ᠪᠣᠬᠢᠷ ᠤᠰᠤᠨ ᠤ | ᠲᠥᠬᠦᠭᠡᠷᠦᠮᠵᠢ ᠤᠭᠰᠠᠷᠠᠬᠤ ᠵᠡᠷᠭᠡ 15 ᠰᠢᠨ᠎ᠡ ᠳᠥᠰᠥᠯ ᠢ ᠲᠤᠬᠠᠶ ᠶᠢᠨ ᠵᠢᠯ ᠳᠤ ᠪᠠᠨ ᠠᠵᠢᠯ ᠡᠬᠢᠯᠡᠭᠦᠯᠦᠨ ᠪᠠᠷᠢᠯᠭ᠎ᠠ | ᠳᠠᠭᠤᠰᠬᠠᠵᠤ᠂ ᠪᠥᠬᠦ ᠵᠢᠯ ᠳᠤ 40 ᠳ᠋ᠦᠩᠰᠢᠭᠤᠷ ᠭᠠᠷᠤᠶ ᠲᠥᠭᠦᠷᠢᠭ ᠤᠨ ᠭᠤᠤᠯᠳᠠᠯᠭ᠎ᠠ ᠲᠠᠢ ᠳᠥᠰᠥᠯ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ | ︵ᠳᠥᠷᠪᠡ︶ ᠰᠠᠭᠤᠷᠢ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ | | ᠰᠠᠭᠤᠷᠢ ᠲᠥᠬᠦᠭᠡᠷᠦᠮᠵᠢ ᠢᠯᠡᠳᠲᠡ ᠰᠠᠶᠢᠵᠢᠷᠠᠪᠠ᠃ 4677 ᠲᠦᠮᠡᠨ ᠲᠥᠭᠦᠷᠢᠭ ᠤᠨ ᠪᠡᠯᠡ ᠣᠷᠣᠭᠤᠯᠣᠨ᠂ | ᠬᠤᠪᠢᠯᠠᠢ ᠶᠡᠭᠡ ᠵᠡᠭᠡᠯᠢ ᠶᠢᠨ ᠪᠠᠷᠠᠭᠤᠨ ᠬᠡᠰᠡᠭ ᠠᠴᠠ ᠱᠧᠩ ᠶᠤᠸᠠᠨ ᠵᠠᠮ ᠬᠦᠷᠲᠡᠯᠡᠬᠢ ᠬᠡᠰᠡᠭ ᠢ ᠳᠡᠪᠢᠰᠴᠦ᠂ ᠱᠠᠩᠳᠤ | ᠪᠠᠯᠭᠠᠰᠤᠨ ᠤ ᠪᠣᠷᠣᠭᠠᠨ ᠤ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ᠂ ᠰᠠᠩ ᠤᠨ ᠳᠠᠯᠠᠢ | ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠢ ᠪᠡᠶᠡᠯᠡᠬᠦᠯᠵᠡᠢ᠃ 3. 5 ᠺᠢᠯᠤᠮᠧᠲᠷ ᠤᠨ ᠪᠣᠬᠢᠷ ᠤᠰᠤ | ᠭᠠᠳᠠᠭᠰᠢᠯᠠᠭᠤᠯᠬᠤ ᠬᠤᠭᠤᠯᠠᠢ ᠶᠢ ᠨᠡᠪᠲᠡᠷᠡᠭᠦᠯᠵᠦ᠂ ᠵᠢᠵᠢᠭ ᠵᠡᠭᠡᠯᠢ ᠭᠤᠳᠤᠮᠵᠢ ᠪᠠᠷ 1500 ᠲᠡᠭᠰᠢ ᠳᠥᠷᠪᠡᠯᠵᠢᠨ | ᠮᠧᠲᠷ ᠤᠨ ᠲᠣᠭᠤᠰᠬ᠎ᠠ ᠳᠡᠪᠢᠰᠦᠨ᠂ 1453 ᠰᠢᠷᠬᠡᠭ ᠵᠠᠮ ᠤᠨ ᠳ᠋ᠧᠩ ᠢ ᠵᠠᠰᠠᠵᠤ ᠰᠣᠯᠢᠪᠠ᠃ ᠬᠤᠲᠠ ᠶᠢᠨ | ᠨᠤᠭᠤᠭᠠᠷᠠᠭᠤᠯᠤᠯᠲᠠ ᠶᠢᠨ ᠨᠣᠷᠮ᠎ᠠ 37. 8 % ᠳᠤ ᠬᠦᠷᠴᠦ᠂ ᠶᠤᠸᠠᠨ ᠹᠦ᠋ ᠰᠠᠭᠤᠭᠠᠯᠢ ᠲᠣᠭᠤᠷᠢᠭ᠂ ᠣᠪᠣᠭᠠᠨ ᠰᠢᠷᠡᠭᠡ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ ᠴᠠᠬᠢᠯᠭᠠᠨ ᠦᠶᠯᠡᠳᠪᠦᠷᠢ ᠶᠢᠨ ᠨᠡᠭᠦᠳᠡᠯ ᠠᠷᠠᠳ ᠤᠨ ᠠᠰᠠᠷ ᠢ | ᠵᠠᠰᠠᠨ ᠰᠢᠨᠡᠳᠬᠡᠬᠦ ᠠᠵᠢᠯ ᠢ ᠳᠠᠭᠤᠰᠪᠠ᠃ ᠮᠠᠯᠵᠢᠬᠤ ᠲᠠᠷᠢᠶᠠᠯᠠᠬᠤ ᠣᠷᠣᠨ ᠤ 10 ᠡᠷᠦᠬᠡ ᠶᠢᠨ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠭᠡᠨ ᠵᠠᠰᠠᠵᠠᠢ᠃ 5686 ᠲᠦᠮᠡᠨ ᠲᠥᠭᠦᠷᠢᠭ ᠤᠨ ᠪᠡᠯᠡ ᠣᠷᠣᠭᠤᠯᠣᠨ᠂ ︽ᠠᠮᠤᠭᠤᠯᠠᠩ︾ | ᠬᠥᠭᠦᠷᠭᠡ ᠶᠢ ᠵᠠᠰᠠᠨ ᠰᠡᠯᠪᠢᠵᠤ᠂ 279 ᠺᠢᠯᠤᠮᠧᠲᠷ ᠤᠨ ᠬᠥᠳᠡᠭᠡᠨ ᠤ ᠵᠠᠮ ᠢ ᠵᠠᠰᠠᠵᠤ᠂ ᠲᠠᠶᠢᠽᠢ ᠴᠧᠩ ᠠᠴᠠ | ᠰᠢᠯᠢᠩᠬᠤᠲᠠ ᠬᠦᠷᠬᠦ ᠲᠡᠮᠦᠷ ᠵᠠᠮ ᠤᠨ ᠰᠢᠯᠤᠭᠤᠨ ᠬᠥᠬᠡ ᠠᠴᠠ ᠰᠢᠯᠢᠩᠬᠤᠲᠠ ᠬᠦᠷᠬᠦ ᠬᠡᠰᠡᠭ ᠢ ᠴᠠᠬᠢᠯᠭᠠᠨᠵᠢᠭᠤᠯᠬᠤ | ᠢᠨᠵᠧᠨᠧᠷᠢᠩ ᠢ ᠤᠷᠤᠭᠰᠢᠲᠠᠢ ᠪᠡᠶᠡᠯᠡᠬᠦᠯᠵᠡᠢ᠃ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ | ᠤᠨ ᠴᠡᠷᠢᠭ ᠤᠨ ᠶᠠᠪᠤᠳᠠᠯ ᠪᠠ ᠣᠷᠣᠨ ᠨᠣᠲᠤᠭ ᠤᠨ ᠵᠥᠪᠳᠡᠯᠴᠡᠭᠡᠷ᠂ ᠪᠠᠯᠠ ᠮᠥᠩᠭᠦ ᠴᠤᠭᠯᠠᠭᠤᠯᠬᠤ ᠳᠥᠰᠥᠪ ᠵᠡᠷᠭᠡ 5 | ᠵᠦᠶᠯ ᠤᠨ ᠪᠡᠯᠡᠳᠭᠡᠯ ᠠᠵᠢᠯ ᠤᠨ ᠭᠠᠷᠳᠠᠮ ᠭᠦᠢᠴᠡᠳᠭᠡᠯ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠳᠤ ᠮᠡᠳᠡᠭᠦᠯᠦᠨ ᠬᠦᠷᠭᠡᠪᠡ᠃ 2623 ᠲᠦᠮᠡᠨ ᠲᠥᠭᠦᠷᠢᠭ ᠤᠨ ᠪᠠᠯᠠ ᠣᠷᠣᠭᠤᠯᠣᠨ᠂ ᠱᠠᠩᠳᠤ ᠶᠢᠨ ᠭᠤᠤᠯ ᠤᠨ | ᠬᠦᠨᠳᠡᠢ ᠶᠢ ᠴᠡᠪᠡᠷᠯᠡᠵᠦ᠂ ᠴᠢ ᠳ᠋ᠠ ᠳ᠋ᠦᠢ ᠲᠣᠰᠬᠤᠨ ᠤ ᠠᠭᠤᠯᠠᠨ ᠦᠶᠡᠷ ᠢ ᠶᠡᠷᠦᠩᠬᠡᠶᠢᠯᠡᠨ ᠵᠠᠰᠠᠬᠤ ᠳᠥᠰᠥᠯ ᠢ | ᠪᠡᠶᠡᠯᠡᠭᠦᠯᠪᠡ᠃ 217 ᠬᠤᠳᠳᠤᠭ ᠮᠠᠯᠲᠠᠨ᠂ 768 ᠬᠥᠮᠦᠨ ᠪᠠ 1. 39 ᠲᠦᠮᠡᠨ ᠲᠣᠯᠣᠭᠠᠢ ᠮᠠᠯ ᠤᠨᠤᠭᠠᠨ ᠤ ᠤᠰᠤ | ᠤᠮᠳᠠᠨ ᠤ ᠠᠰᠠᠭᠤᠳᠠᠯ ᠢ ᠰᠢᠢᠳᠪᠦᠷᠢᠯᠡᠵᠡᠢ᠃ | | ᠬᠥᠳᠡᠭᠡ ᠣᠷᠣᠨ ᠢ ᠬᠦᠭᠵᠢᠬᠦᠯᠬᠦ ᠶᠠᠰᠤ ᠴᠢᠨᠠᠷ ᠢ ᠳᠡᠭᠡᠭᠰᠢᠯᠡᠬᠦᠯᠦᠨ᠂ ᠳᠦᠷᠢ ᠳᠥᠷᠬᠦ ᠶᠢ ᠰᠠᠶᠢᠵᠢᠷᠠᠭᠤᠯᠪᠠ᠃ | 6569. 4 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠣᠷᠣᠨ ᠢ ᠬᠦᠭᠵᠢᠬᠦᠯᠬᠦ16 ᠵᠦᠢᠯ ᠤᠨ ᠳᠥᠰᠥᠯ ᠢ | ᠬᠡᠷᠡᠭᠵᠢᠭᠦᠯᠪᠡ᠃ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠤᠮᠳᠠᠴᠢ ᠴᠡᠪᠡᠷ ᠣᠷᠣᠯᠭ᠎ᠠ | ᠨᠢ ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠵᠦ᠂ ︽ᠬᠤᠶᠠᠷ ᠨᠡᠮᠡᠭᠳᠡᠯ ᠢ ᠪᠠᠲᠤᠯᠠᠬᠤ︾ ᠪᠠᠷᠢᠮᠵᠢᠶ᠎ᠠ ᠳᠤ | ᠬᠦᠷᠪᠡ᠃ ᠨᠡᠶᠢᠭᠡᠮ ᠤᠨ ᠦᠢᠯᠡᠴᠢᠯᠡᠭᠡ ᠶᠢ ᠴᠢᠩᠭᠠᠳᠬᠠᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠪᠦᠲᠦᠮᠵᠢᠲᠡᠢ | ᠰᠠᠶᠢᠵᠢᠷᠠᠭᠤᠯᠵᠣ᠂ ᠮᠠᠯ ᠵᠢᠭᠦᠷᠲᠡᠨ ᠤ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠵᠤ᠂ ᠰᠢᠩᠭᠡᠨ ᠪᠡᠶᠡᠲᠦ | ᠪᠣᠷᠳᠣᠭᠤᠷ ᠤᠨ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠠᠢ᠃ 885 ᠡᠷᠦᠬᠡ ᠳᠤ ᠰᠢᠨ᠎ᠡ ᠵᠣᠷᠯᠣᠩ ᠪᠠᠶᠢᠭᠤᠯᠵᠤ᠂ | 386 ᠡᠷᠦᠬᠡ ᠶᠢᠨ ᠵᠣᠷᠯᠣᠩ ᠢ ᠰᠡᠯᠪᠢᠨ ᠵᠠᠰᠠᠵᠤ᠂ ᠵᠣᠷᠯᠣᠩ ᠤᠨ ᠲᠥᠭᠡᠮᠡᠯᠵᠢᠯᠲᠡ ᠶᠢᠨ ᠨᠣᠷᠮ᠎ᠠ ᠨᠢ 37.5 % ᠳᠤ | ᠬᠥᠷᠪᠡ᠃ ︽ᠲᠤᠰᠬᠠᠢ ᠤᠴᠢᠷ ᠢ ᠲᠤᠰᠬᠠᠢ ᠵᠥᠪᠳᠡᠬᠦ︾ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠠᠶᠢᠭᠤᠯᠬᠤ 9 ᠵᠦᠢᠯ ᠤᠨ ᠳᠥᠰᠥᠯ ᠢ ᠬᠡᠷᠡᠭᠵᠢᠭᠦᠯᠪᠡ᠃ 176 ᠡᠷᠦᠬᠡ ᠶᠢᠨ ᠭᠡᠷᠡᠯ ᠤᠨ ᠡᠨᠧᠷᠭᠢ ᠶᠢᠨ ᠴᠠᠬᠢᠯᠭᠠᠨ ᠢ | ᠪᠠᠶᠢᠩᠭᠤ ᠶᠢᠨ ᠴᠠᠬᠢᠯᠭᠠᠨ ᠪᠣᠯᠭᠠᠨ ᠥᠭᠡᠷᠡᠴᠢᠯᠡᠵᠦ᠂ ᠬᠥᠳᠡᠭᠡ ᠲᠣᠰᠬᠤᠨ ᠤ ᠨᠢᠭᠡᠳᠦᠯᠲᠡᠢ ᠤᠰᠤ ᠬᠠᠩᠭᠠᠬᠤ ᠴᠡᠭ ᠲᠤ | ᠬᠤᠯᠪᠤᠭᠳᠠᠭᠰᠠᠨ 32 ᠠᠰᠠᠭᠤᠳᠠᠯ ᠢ ᠰᠢᠢᠳᠪᠦᠷᠢᠯᠡᠵᠡᠢ᠃ 6 ᠰᠤᠮᠤ ᠪᠠᠯᠭᠠᠰᠤᠨ ᠤ 29 ᠭᠠᠴᠠᠭᠠᠨ ᠤ 325 ᠡᠷᠦᠬᠡ ᠶᠢᠨ | ᠴᠢᠮᠡᠭᠡ ᠬᠤᠯᠪᠤᠭᠠᠨ ᠤ ᠲᠤᠬᠢᠶ᠎ᠠ ᠮᠠᠭᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ | | ︵ᠲᠠᠪᠤ︶ ᠪᠠᠶᠢᠭᠠᠯᠢ ᠣᠷᠴᠢᠨ ᠢ ᠬᠠᠮᠠᠭᠠᠯᠠᠵᠤ᠂ ᠠᠮᠢ ᠠᠬᠤᠢ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠪᠠ | | ᠪᠠᠶᠢᠭᠠᠯᠢ ᠣᠷᠴᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠪᠠ᠃ 7 ᠰᠤᠮᠤ ᠪᠠᠯᠭᠠᠰᠤ ᠲᠠᠯᠠᠪᠠᠢ᠂ 35 | ᠭᠠᠴᠠᠭ᠎ᠠ ᠲᠣᠰᠬᠤᠨ ᠤ ᠤᠯᠤᠰ ᠤᠨ ᠭᠠᠵᠠᠷ ᠰᠢᠷᠣᠶ ᠣᠷᠣᠨ ᠵᠠᠶ ᠶᠢᠨ ᠲᠥᠯᠥᠪᠵᠢᠭᠦᠯᠭᠡ ᠶᠢ ᠲᠤᠭᠤᠷᠪᠢᠵᠤ᠂ ᠬᠤᠶᠠᠷ | ᠨᠢᠭᠡᠴᠡ ᠶᠢᠨ ᠲᠥᠯᠦᠪᠯᠡᠭᠡ ᠨᠢ ᠪᠥᠬᠦ ᠣᠷᠣᠨ ᠤ ᠰᠢᠯᠢᠳᠡᠭ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ | ᠰᠢᠯᠭᠠᠷᠠᠭᠤᠯᠤᠯᠲᠠ ᠳᠤ ᠲᠣᠳᠤᠷᠠᠪᠠ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ 15 ᠵᠢᠯ ᠤᠨ ᠲᠥᠯᠦᠪᠯᠡᠭᠡ ᠪᠠ ᠮᠠᠯ ᠵᠢᠭᠦᠷᠲᠡᠨ ᠤ ᠲᠡᠵᠢᠭᠡᠪᠦᠷᠢ ᠶᠢᠨ | ᠦᠢᠯᠡᠰ ᠤᠨ ᠪᠣᠬᠢᠷᠲᠤᠯ ᠢ ᠰᠡᠷᠭᠡᠶᠢᠯᠡᠨ ᠵᠠᠰᠠᠬᠤ 5 ᠵᠢᠯ ᠤᠨ ᠲᠥᠯᠦᠪᠯᠡᠭᠡ ᠶᠢ ᠨᠡᠶᠢᠲᠡᠯᠡᠨ ᠭᠡᠷᠡᠭᠵᠢᠬᠦᠯᠪᠡ᠃ ᠲᠥᠪ ᠤᠨ | ᠬᠤᠶᠠᠳᠤᠭᠠᠷ ᠡᠭᠡᠯᠵᠢ ᠶᠢᠨ ᠠᠮᠢ ᠠᠬᠤᠶ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ | ᠳᠤᠭᠤᠶᠢᠯᠠᠩ ᠠᠴᠠ ᠲᠤᠷᠠᠳᠤᠭᠰᠠᠨ ᠬᠤᠭᠤᠴᠠᠭ᠎ᠠ ᠶᠣᠰᠤᠭᠠᠷ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ 9 ᠵᠦᠢᠯ ᠤᠨ | ᠡᠭᠦᠷᠭᠡ ᠶᠢ ᠪᠦᠬᠦᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠪᠠᠶᠢᠭᠠᠯᠢ ᠣᠷᠴᠢᠨ ᠤ ᠬᠠᠮᠠᠭᠠᠯᠠᠯᠲᠠ | ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ 22 | ᠵᠦᠢᠯ ᠤᠨ ᠡᠭᠦᠷᠭᠡ ᠶᠢ ᠪᠦᠬᠦᠨ ᠢ ᠪᠡᠶᠡᠯᠡᠬᠦᠯᠪᠡ᠃ ᠠᠶᠤᠯᠲᠠᠶ ᠬᠠᠶᠠᠭᠳᠠᠮᠠᠯ ᠡᠳ᠋ ᠢ ᠲᠤᠰᠬᠠᠶᠢᠯᠠᠨ ᠴᠡᠭᠴᠡᠯᠡᠬᠦ ᠠᠵᠢᠯᠯᠠᠭ᠎ᠠ | ᠶᠢ ᠦᠷᠭᠦᠯᠵᠢᠯᠡᠨ ᠥᠷᠨᠢᠭᠦᠯᠵᠦ᠂ 6. 3 ᠲᠣᠨ ᠠᠶᠤᠯᠲᠠᠶ ᠬᠠᠶᠠᠭᠳᠠᠮᠠᠯ ᠡᠳ᠋ ᠢ ᠰᠢᠯᠵᠢᠭᠦᠯᠪᠡ᠃ 14 ᠵᠠᠳᠠᠭᠠᠢ ᠠᠭᠤᠷᠬᠠᠢ | ᠶᠢᠨ 28 ᠵᠦᠢᠯ ᠤᠨ ᠵᠠᠰᠠᠯᠲᠠ ᠶᠢᠨ ᠡᠭᠦᠷᠭᠡ᠂ 2 ᠠᠭᠤᠷᠬᠠᠢ ᠶᠢᠨ 26 ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ | ᠪᠦᠬᠦᠨ ᠢ ᠪᠡᠶᠡᠯᠡᠬᠦᠯᠵᠡᠢ᠃ 6215 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠠᠶᠠᠭᠳᠠᠮᠠᠯ ᠠᠭᠤᠷᠬᠠᠢ ᠶᠢᠨ | ᠬᠠᠪᠢ ᠪᠠᠷ ᠬᠢ 8400 ᠮᠥ ᠡᠪᠳᠡᠭᠳᠡᠭᠰᠡᠨ ᠭᠠᠵᠠᠷ ᠢ ᠵᠠᠰᠠᠵᠠᠢ᠃ ᠪᠦᠬᠦ ᠵᠢᠯ ᠳᠠᠬᠢ ᠴᠡᠯᠮᠡᠭ ᠲᠤᠩᠭᠠᠯᠠᠭ ᠡᠳᠦᠷ ᠨᠢ 93 | % ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠮᠠᠯᠵᠢᠯ ᠤᠨ ᠲᠠᠯᠠᠪᠠᠢ ᠶᠢᠨ ᠮᠠᠯ ᠵᠢᠭᠦᠷᠲᠡᠨ ᠤ ᠢᠯᠭᠠᠳᠠᠰᠤ ᠶᠢ | ᠶᠡᠷᠦᠩᠬᠡᠶᠢᠯᠡᠨ ᠠᠰᠢᠭᠯᠠᠭᠰᠠᠨ ᠨᠣᠷᠮ᠎ᠠ ᠨᠢ 100 % ᠳᠤ ᠬᠦᠷᠴᠦ᠂ ᠤᠰᠤᠨ ᠤ ᠴᠢᠨᠠᠷ ᠨᠢ 100 % ᠪᠠᠷ | ᠪᠠᠷᠢᠮᠵᠢᠶᠠᠨ ᠳᠤ ᠬᠦᠷᠴᠡᠢ᠃ | | ᠠᠮᠢ ᠠᠬᠤᠢ ᠶᠢᠨ ᠬᠠᠯᠬᠠᠪᠴᠢ ᠶᠢ ᠪᠠᠳᠤᠳᠬᠠᠪᠠ᠃ 8459 ᠲᠦᠮᠡᠨ ᠲᠥᠭᠦᠷᠢᠭ ᠤᠨ ᠪᠡᠯᠡ ᠣᠷᠣᠭᠤᠯᠵᠤ᠂ 16.4 | ᠲᠦᠮᠡᠨ ᠮᠦ ᠣᠢ ᠰᠢᠭᠤᠢ ᠪᠠ ᠨᠤᠲᠤᠭ ᠪᠡᠯᠴᠢᠭᠡᠷ ᠢ ᠰᠡᠷᠭᠦᠭᠡᠵᠡᠢ᠃ ᠬᠤᠯᠠᠨ ᠰᠢᠷᠭ᠎ᠠ ᠲᠠᠭ᠎ᠠ ᠶᠢᠨ ᠬᠦᠨᠳᠦ ᠨᠣᠴᠢᠲᠠᠢ | ᠡᠪᠳᠡᠭᠳᠡᠭᠰᠡᠨ ᠭᠠᠵᠠᠷ ᠢ ᠪᠦᠲᠦᠮᠵᠢᠲᠡᠶ ᠵᠠᠰᠠᠵᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠬᠤᠴᠢᠯᠭ᠎ᠠ᠂ ᠣᠶ ᠰᠢᠭᠤᠶ | ᠶᠢᠨ ᠪᠦᠷᠬᠦᠴᠡ ᠨᠢ ᠲᠣᠰ ᠲᠣᠰ 55 %᠂ 20 % ᠠᠴᠠ ᠳᠡᠭᠡᠭᠰᠢ ᠳᠤ ᠬᠦᠷᠴᠡᠢ᠃ ︽ᠪᠦᠬᠦ ᠣᠷᠣᠨ ᠤ ︿ᠬᠤᠯᠠᠨ | ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯᠯᠠᠭ᠎ᠠ﹀ ᠶᠢ ᠠᠬᠢᠭᠤᠯᠬᠤ ᠬᠤᠷᠠᠯ ᠪᠠ ᠪᠦᠬᠦ ᠠᠶᠢᠮᠠᠭ ᠤᠨ ︿ᠡᠯᠡᠰᠦ ᠶᠢ | ᠵᠠᠰᠠᠬᠤ ᠨᠠᠮᠤᠷ ᠤᠨ ᠤᠯᠠᠷᠢᠯ ᠤᠨ ᠡᠬᠢᠯᠡᠯᠲᠡ ᠶᠢᠨ ᠠᠵᠢᠯᠯᠠᠭ᠎ᠠ﹀︾ ᠶᠢ ᠲᠡᠭᠦᠰ ᠠᠮᠵᠢᠯᠲᠠ ᠲᠠᠢ ᠡᠷᠬᠢᠯᠡᠪᠡ᠃ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠪᠠ ᠬᠠᠰᠢᠶᠠᠯᠠᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠨᠥᠬᠦᠪᠥᠷᠢ᠂ ᠣᠶ ᠰᠢᠭᠤᠢ ᠶᠢᠨ ᠨᠥᠬᠦᠪᠥᠷᠢ ᠶᠢ 2.6 ᠳ᠋ᠦᠩᠰᠢᠭᠤᠷ ᠲᠥᠭᠦᠷᠢᠭ ᠪᠠᠭᠤᠯᠭᠠᠵᠠᠢ᠃ ᠨᠤᠭᠤ | ᠭᠠᠵᠠᠷ ᠢ ᠬᠠᠮᠠᠭᠠᠯᠠᠬᠤ ᠲᠥᠯᠦᠪᠯᠡᠭᠡ ᠶᠢ ᠨᠠᠶᠢᠷᠠᠭᠤᠯᠤᠨ ᠲᠤᠭᠤᠷᠪᠢᠪᠠ᠃ 795 ᠲᠦᠮᠡᠨ ᠲᠥᠭᠦᠷᠢᠭ ᠤᠨ ᠪᠡᠯᠡ | ᠣᠷᠣᠭᠤᠯᠤᠨ᠂ ᠨᠤᠭᠤ ᠭᠠᠵᠠᠷ ᠤᠨ ᠬᠢᠨᠠᠨ ᠡᠵᠡᠮᠰᠢᠯ ᠤᠨ ᠣᠶᠣᠨᠴᠢᠯᠠᠭᠰᠠᠨ ᠲᠠᠪᠴᠠᠩ ᠢ ᠪᠠᠶᠢᠭᠤᠯᠤᠨ ᠠᠰᠢᠭᠯᠠᠵᠤ᠂ ᠨᠤᠭᠤ | ᠭᠠᠵᠠᠷ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ᠂ ᠱᠠᠩᠳᠤ ᠶᠢᠨ ᠭᠤᠣᠯ ᠤᠨ ᠰᠠᠪᠠ ᠭᠠᠵᠠᠷ ᠢ | ᠪᠢᠲᠡᠭᠦᠮᠵᠢᠯᠡᠨ ᠬᠠᠮᠠᠭᠠᠯᠠᠵᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠪᠠ᠃ ᠨᠠᠭᠤᠷ ᠭᠤᠣᠯ ᠤᠨ ᠳᠠᠷᠤᠭ᠎ᠠ ᠶᠢᠨ ᠳᠦᠷᠢᠮ᠂ | ᠣᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ | ᠠᠶᠢᠮᠠᠭ ᠤᠨ ᠬᠢᠨᠠᠨ ᠲᠣᠭᠲᠠᠭᠠᠯᠲᠠ ᠳᠤ ᠲᠡᠷᠢᠭᠦᠯᠡᠵᠡᠢ᠃ | ︵ᠵᠢᠷᠭᠤᠭ᠎ᠠ︶ ᠪᠣᠳᠠᠲᠤ ᠠᠵᠢᠯ ᠳᠤ ᠬᠦᠴᠦ ᠲᠠᠯᠪᠢᠨ᠂ ᠠᠷᠠᠳ ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠬᠦᠯᠪᠡ | | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠳᠡᠭᠡᠭᠰᠢᠯᠡᠬᠦᠯᠪᠡ᠃ ᠠᠷᠪᠢᠴᠢ ᠭᠠᠮᠲᠠᠢ ᠪᠠᠶᠢᠬᠤ ᠶᠢ ᠡᠷᠬᠢᠮᠯᠡᠨ᠂ ︽ | ᠭᠤᠷᠪᠠᠨ ᠵᠦᠢᠯ ᠤᠨ ᠠᠯᠪᠠᠨ ᠵᠠᠷᠤᠳᠠᠯ︾ ᠢ ᠪᠠᠭᠠᠰᠬᠠᠵᠤ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70 % ᠠᠴᠠ | ᠳᠡᠭᠡᠭᠰᠢᠬᠢ ᠶᠢ ᠨᠢ ᠠᠷᠠᠳ ᠤᠨ ᠠᠮᠢᠳᠤᠷᠠᠯ ᠳᠤ ᠬᠤᠯᠪᠤᠭᠳᠠᠬᠤ ᠵᠦᠢᠯ ᠳᠤ ᠵᠠᠷᠣᠴᠠᠭᠤᠯᠪᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ | ᠨᠡᠮᠡᠭᠳᠡᠭᠦᠯᠵᠦ᠂ 3092 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠪᠠᠭᠤᠯᠭᠠᠨ᠂ ᠡᠮᠨᠡᠯᠭᠡ ᠶᠢᠨ ᠪᠠᠲᠤᠯᠠᠭ᠎ᠠ ᠪᠠᠷ | 1.3 ᠳ᠋ᠦᠩᠰᠢᠭᠤᠷ ᠲᠥᠭᠦᠷᠢᠭ ᠤᠨ ᠵᠠᠷᠤᠳᠠᠯ ᠢ ᠲᠠᠩᠰᠠ ᠳᠡᠶᠢᠯᠪᠡ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 3. 8 ᠵᠠᠭᠤᠨ ᠤ ᠬᠤᠪᠢ ᠪᠠᠷ ᠳᠡᠭᠡᠭᠰᠢᠯᠡᠬᠦᠯᠵᠦ᠂ 4512 ᠡᠷᠦᠬᠡ ᠶᠢᠨ | 6908 ᠬᠥᠮᠦᠨ ᠳᠤ 2517 ᠲᠦᠮᠡᠨ ᠲᠥᠭᠦᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ | ᠪᠠᠭᠤᠯᠭᠠᠵᠤ᠂ 4161 ᠬᠦᠮᠦᠨ ᠢ ᠬᠠᠮᠤᠷᠤᠪᠠ᠃ ᠴᠡᠷᠢᠭ ᠠᠴᠠ ᠬᠠᠯᠠᠭᠳᠠᠭᠰᠠᠳ ᠲᠤ 826.9 ᠲᠦᠮᠡᠨ ᠲᠥᠭᠦᠷᠢᠭ ᠤᠨ | ᠬᠠᠷᠠᠭᠠᠯᠵᠠᠯ ᠤᠨ ᠮᠥᠩᠭᠦ ᠪᠠᠭᠤᠯᠭᠠᠪᠠ᠃ ᠥᠨᠳᠥᠷ ᠨᠠᠰᠤᠲᠠᠳ ᠪᠠ ᠬᠦᠴᠢᠷᠳᠡᠯᠲᠡᠢ ᠨᠠᠰᠤᠲᠠᠶᠢᠴᠤᠳ ᠲᠤ 428 ᠲᠦᠮᠡᠨ | ᠲᠥᠭᠦᠷᠢᠭ ᠤᠨ ᠳᠡᠳᠭᠦᠮᠵᠢ ᠶᠢᠨ ᠮᠥᠩᠭᠦ ᠪᠠᠭᠤᠯᠭᠠᠵᠠᠢ᠃ ᠨᠠᠰᠤᠲᠠᠶᠢᠴᠤᠳ ᠲᠤ ᠦᠢᠯᠡᠴᠢᠯᠡᠬᠦ ᠲᠥᠪ ᠵᠢᠴᠢ ᠦᠢᠯᠡᠴᠢᠯᠡᠭᠡᠨ | ᠤ ᠥᠷᠲᠡᠭᠡ 17 ᠶᠢ ᠪᠠᠶᠢᠭᠤᠯᠵᠤ᠂ ᠣᠨᠴᠠ ᠬᠦᠴᠢᠷᠳᠡᠯᠲᠡᠢ 104 ᠨᠠᠰᠤᠲᠠᠶᠢᠴᠤᠳ ᠭᠡᠷ ᠪᠦᠯᠢ ᠳᠡᠭᠡᠨ ᠥᠳᠡᠯᠦᠭᠡ | ᠨᠠᠰᠤ ᠪᠠᠨ ᠥᠩᠭᠡᠷᠡᠭᠦᠯᠬᠦ ᠨᠥᠭᠦᠴᠡᠯ ᠢ ᠪᠦᠷᠢᠯᠳᠦᠬᠦᠯᠪᠡ᠃ 83 ᠵᠡᠮᠳᠡᠭ ᠬᠦᠮᠦᠨ ᠳᠤ 92 ᠢᠵᠢ ᠡᠷᠡᠭᠦᠯᠵᠢᠯ ᠤᠨ ᠪᠠᠭᠠᠵᠢ | ᠬᠡᠷᠡᠭᠰᠡᠯ ᠲᠠᠷᠬᠠᠭᠠᠵᠤ᠂ ᠬᠤᠲᠠ ᠪᠠᠯᠭᠠᠰᠤ ᠬᠥᠳᠡᠭᠡ ᠲᠣᠰᠬᠤᠨ ᠤ ᠳᠣᠣᠷ᠎ᠠ ᠣᠷᠤᠯᠭ᠎ᠠ ᠲᠠᠢ 1518 ᠡᠮᠡᠭᠲᠡᠶᠢᠴᠦᠳ ᠲᠤ | ︽ᠬᠤᠶᠠᠷ ᠥᠮᠡᠨ︾ ᠤ ᠪᠠᠶᠢᠴᠠᠭᠠᠯᠲᠠ ᠬᠢᠵᠦ ᠥᠭᠪᠡ᠃ ᠬᠤᠲᠠ ᠪᠠᠯᠭᠠᠰᠤᠨ ᠤ ᠠᠵᠢᠯ ᠣᠯᠣᠭᠰᠠᠳ 1204 ᠬᠦᠮᠦᠨ | ᠨᠡᠮᠡᠭᠳᠡᠵᠦ᠂ 6166 ᠮᠠᠯᠴᠢᠨ ᠲᠠᠷᠢᠶᠠᠴᠢᠨ ᠳᠤ ᠠᠵᠢᠯ ᠤᠨ ᠪᠠᠶᠢᠷᠢ ᠬᠠᠩᠭᠠᠨ᠂ ᠬᠤᠲᠠ ᠪᠠᠯᠭᠠᠰᠤᠨ ᠤ ᠠᠵᠢᠯ ᠠᠯᠳᠠᠯᠲᠠ | ᠶᠢᠨ ᠨᠣᠷᠮ᠎ᠠ 3 % ᠠᠴᠠ ᠳᠣᠤᠷ᠎ᠠ ᠪᠣᠯᠪᠠ᠃ | | ᠰᠤᠷᠭᠠᠨ ᠬᠥᠮᠦᠵᠢᠯ ᠡᠮ ᠡᠮᠨᠡᠯᠭᠡ ᠶᠢᠨ ᠲᠠᠯ᠎ᠠ ᠪᠠᠷ ᠬᠢ ᠪᠠᠲᠤᠯᠠᠭ᠎ᠠ ᠶᠢ ᠴᠢᠩᠭᠠᠳᠬᠠᠪᠠ᠃ ᠰᠠᠩ ᠤᠨ ᠲᠡᠯᠡᠶ ᠬᠡᠦᠬᠡᠳ | ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠭᠤᠷᠪᠠᠳᠤᠭᠠᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ | ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠳᠥᠬᠦᠭᠡᠷᠦᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ 975 ᠰᠤᠷᠤᠭᠴᠢ ᠶᠢᠨ ᠣᠷᠣᠨ ᠲᠤᠭ᠎ᠠ ᠶᠢ ᠨᠡᠮᠡᠭᠳᠡᠭᠦᠯᠪᠡ | ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠲᠤᠭᠤᠭᠠᠨ ᠭᠡᠷ ᠤᠨ ᠪᠠᠶᠢᠭᠤᠯᠤᠯᠲᠠ ᠶᠢᠨ | ᠠᠵᠢᠯ ᠢ ᠡᠬᠢᠯᠡᠭᠦᠯᠪᠡ᠃ 83 ᠨᠡᠷ᠎ᠡ ᠥᠨᠳᠥᠷ ᠰᠤᠷᠤᠯᠭ᠎ᠠ ᠶᠢᠨ ᠨᠠᠮᠲᠠᠷ ᠲᠠᠢ ᠰᠢᠨ᠎ᠡ ᠪᠠᠭᠰᠢ ᠡᠯᠰᠡᠪᠡ᠃ ᠶᠡᠭᠡ | ᠰᠤᠷᠭᠠᠭᠤᠯᠢ ᠶᠢᠨ ᠰᠢᠯᠭᠠᠯᠲᠠ ᠳᠤ ᠵᠢᠩᠭᠢᠨᠢ ᠠᠩᠭᠢ ᠳᠤ ᠡᠯᠰᠡᠭᠳᠡᠭᠰᠡᠨ ᠨᠣᠷᠮ᠎ᠠ 57.4 % ᠳᠤ ᠬᠥᠷᠪᠡ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠵᠢᠷᠤᠮᠵᠢᠭᠤᠯᠤᠨ ᠪᠠᠷᠢᠮᠵᠢᠶ᠎ᠠ ᠳᠤ | ᠬᠦᠷᠭᠡᠭᠰᠡᠨ ᠵᠢᠱᠢᠶᠡᠴᠢ ᠰᠤᠷᠭᠠᠭᠤᠯᠢ ᠶᠢ ᠪᠠᠶᠢᠭᠤᠯᠬᠤ ᠨᠤᠷᠮ᠎ᠠ 100 % ᠳᠤ ᠬᠦᠷᠪᠡ᠃ ᠬᠢᠵᠢᠭ ᠡᠪᠡᠳᠴᠢᠨ ᠢ | ᠰᠡᠷᠭᠡᠶᠢᠯᠡᠨ ᠬᠤᠷᠢᠭᠯᠠᠬᠤ ᠲᠣᠪᠴᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠡᠯᠭᠦᠨ ᠪᠠᠶᠢᠭᠤᠯᠵᠤ᠂ | ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠱᠠᠳᠤᠨ ᠤ ᠬᠥᠬᠡ ᠲᠠᠰ ᠤᠨ ᠶᠡᠷᠦᠩᠬᠡᠶᠢᠯᠡᠭᠰᠡᠨ ᠡᠮᠨᠡᠯᠭᠡ | ᠶᠢᠨ ᠬᠤᠷᠢᠶ᠎ᠠ ᠪᠣᠯᠣᠨ ᠳᠡᠰ ᠳᠡᠪᠰᠢᠭᠦᠯᠪᠡ᠃ 2 ᠰᠠᠭᠤᠷᠢ ᠡᠮᠨᠡᠯᠭᠡ ᠶᠢᠨ ᠬᠤᠷᠢᠶ᠎ᠠ ᠴᠥᠮ ᠮᠤᠵᠢ ᠠᠯᠤᠰᠯᠠᠨ ᠡᠮᠴᠢᠯᠡᠬᠦᠯᠬᠦ | ᠵᠠᠮ ᠢ ᠰᠢᠯᠤᠭᠤᠳᠬᠠᠨ᠂ ᠡᠮ ᠤᠨ ᠵᠦᠶᠯ᠂ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠨᠣᠷᠮ᠎ᠠ ᠪᠠ | ᠰᠦᠯᠵᠢᠶ᠎ᠡ ᠪᠠᠷ ᠠᠪᠬᠤ ᠨᠣᠷᠮ᠎ᠠ ᠨᠢ ᠴᠥᠮ 100 % ᠳᠤ ᠬᠦᠷᠴᠠᠢ᠃ 65 ᠡᠷᠦᠬᠡ ᠲᠣᠭᠲᠠᠭᠰᠠᠨ ᠴᠢᠭ ᠤᠨ | ᠡᠮᠴᠢᠯᠡᠭᠡᠨ ᠤ ᠪᠠᠶᠢᠭᠤᠯᠤᠮᠵᠢ ᠶᠢ ᠪᠦᠭᠦᠳᠡ ᠶᠢ ᠡᠭᠦᠳᠡᠨ ᠡᠮᠨᠡᠯᠭᠡ ᠶᠢᠨ ᠨᠢᠭᠡᠳᠦᠯᠲᠡᠶ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ︽ᠡᠷᠡᠭᠦᠯ ᠮᠡᠨᠳᠦ︾ ᠶᠢᠨ ᠬᠤᠰᠢᠭᠤ ᠶᠢ ᠠᠮᠵᠢᠯᠲᠠ ᠲᠠᠢ | ᠪᠠᠶᠢᠭᠤᠯᠪᠠ᠃ | | ᠪᠠᠶᠠᠯᠢᠭ ᠠᠭᠤᠯᠭ᠎ᠠ ᠲᠠᠢ ᠰᠣᠶᠣᠯ ᠲᠠᠮᠢᠷ ᠤᠨ ᠬᠥᠳᠡᠯᠭᠡᠭᠡᠨ ᠥᠷᠨᠢᠬᠦᠯᠪᠡ᠃ 1 ᠲᠥᠷᠦᠯ ᠤᠨ ᠬᠤᠰᠢᠭᠤ ᠲᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ᠂ 34 ᠨᠡᠷ᠎ᠡ ᠤᠯᠠᠮᠵᠢᠯᠠᠭᠴᠢ ᠶᠢ ᠬᠢᠨᠠᠨ | ᠲᠣᠭᠲᠠᠭᠠᠵᠤ᠂ ᠵᠢᠯ ᠳᠤ 100 ᠭᠠᠷᠤᠶ ᠤᠳᠠᠭ᠎ᠠ ᠶᠢᠨ ᠲᠣᠭᠯᠠᠯᠲᠠ ᠭᠠᠷᠭᠠᠵᠤ᠂ ᠳᠠᠭᠤᠯᠠᠯᠲᠤ ᠵᠥᠴᠤᠭᠡ ︽ᠬᠤᠯᠠᠨ | ᠰᠢᠷᠭ᠎ᠠ︾ ᠨᠢ ᠤᠯᠠᠭᠠᠨᠮᠥ᠋ᠴᠢᠷ ᠤᠨ ᠵᠦᠴᠦᠭᠡ ᠶᠢᠨ ᠲᠦᠷᠦᠯ ᠤᠨ ᠪᠦᠯᠬᠦᠮ ᠨᠢᠭᠡᠴᠡ ᠶᠢᠨ ᠠᠯᠲᠠᠨ ᠮᠧᠳᠡᠯ ᠭᠥᠷᠳᠡᠪᠡ᠃ | ᠪᠡᠭᠡᠵᠢᠩ᠂ ᠲᠢᠶᠠᠨᠵᠢᠨ᠂ ᠾᠧᠪᠧᠶ᠂ ᠥᠪᠥᠷ ᠮᠣᠩᠭᠤᠯ᠂ ᠱᠠᠨ ᠰᠢ᠂ ᠱᠠᠨᠳᠦ᠋ᠩ ᠵᠢᠷᠭᠤᠭᠠᠨ ᠮᠤᠵᠢ ᠬᠤᠲᠠ ᠶᠢᠨ ᠮᠠᠰᠢᠨ | ᠲᠡᠷᠭᠡᠨ ᠤ ᠲᠡᠰᠭᠡᠯ ᠤᠷᠤᠯᠳᠤᠭᠠᠨ ᠨᠢ ᠬᠡᠭᠡᠷᠡᠯᠡᠨ ᠠᠶᠠᠯᠠᠭᠴᠢᠳ ᠤᠨ ᠡᠷᠴᠢ ᠵᠣᠷᠢᠭ ᠢᠳᠡ ᠬᠦᠴᠦ ᠶᠢ ᠬᠦᠪᠴᠢᠯᠡᠨ᠂ | ᠨᠣᠲᠤᠭ ᠤᠨ ᠦᠬᠡᠷ ᠤᠨ ᠮᠢᠬ᠎ᠠ ᠪᠠᠨ ᠲᠠᠨᠢᠯᠴᠠᠭᠤᠯᠤᠭᠰᠠᠨ ᠤᠨᠴᠠᠯᠢᠭᠲᠤ ︽ᠳᠠᠶᠢᠯᠠᠯᠭ᠎ᠠ︾ ᠨᠢ ᠰᠠᠶᠢᠨ ᠦᠨᠡᠯᠡᠯᠲᠡ ᠣᠯᠪᠠ | ᠃ ︽ᠴᠠᠭᠠᠨ ᠢᠳᠡᠭᠡᠨ ᠤ ᠵᠤᠭᠤᠭ ᠤᠨ ᠦᠷᠦᠭᠡᠨ︾ ᠳᠤ ᠶᠠᠪᠣᠭᠳᠠᠭᠰᠠᠨ ᠪᠥᠬᠡ ᠶᠢᠨ ᠬᠤᠯᠪᠣᠭᠠᠲᠤ ᠤᠷᠤᠯᠳᠤᠭᠠᠨ ᠨᠢ | ᠤᠯᠠᠮᠵᠢᠯᠠᠯᠲᠤ ᠪᠡᠶ᠎ᠡ ᠲᠠᠮᠢᠷ ᠤᠨ ᠰᠢᠨ᠎ᠡ ᠶᠢ ᠡᠭᠦᠳᠴᠦ᠂ ᠰᠦᠯᠵᠢᠶᠡᠨ ᠦᠵᠡᠭᠴᠢᠳ ᠤᠨ ᠲᠤᠭ᠎ᠠ 30 ᠲᠦᠮᠡᠨ ᠬᠥᠮᠦᠨ ︵ | ᠤᠳᠠᠭ᠎ᠠ︶ ᠢ ᠳᠠᠪᠠᠪᠠ᠃ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ᠰᠡᠳᠦᠪᠲᠦ ᠨᠡᠶᠢᠭᠡᠮ ᠲᠣᠭᠤᠷᠢᠭ ᠤᠨ ᠪᠡᠶ᠎ᠡ | ᠶᠢᠨ ᠲᠠᠮᠢᠷ ᠤᠨ ᠬᠦᠳᠡᠯᠭᠡᠭᠡᠨ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠲᠣᠭᠤᠯᠬᠤ ᠠᠵᠢᠯᠯᠠᠭ᠎ᠠ ᠵᠡᠷᠭᠡ 15 ᠲᠠᠯᠠᠪᠤᠷ | ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠲᠣᠭᠲᠠᠭᠠᠯᠲᠠ ᠳᠤ 90 | % ᠠᠴᠠ ᠳᠡᠭᠡᠭᠰᠢᠬᠢ ᠠᠷᠠᠳ ᠢᠷᠭᠡᠳ ᠬᠢᠷᠢ ᠲᠡᠩᠴᠡᠪᠡ᠃ | ︵ᠳᠣᠯᠤᠭ᠎ᠠ︶ ᠠᠮᠤᠷ ᠲᠦᠪᠰᠢᠨ ᠢ ᠪᠠᠲᠤᠯᠠᠵᠤ᠂ ᠴᠡᠭᠴᠡᠯᠡᠯᠲᠡ ᠶᠢᠨ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ | | ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠳᠦᠮᠵᠢᠲᠡᠢ ᠰᠡᠷᠭᠡᠶᠢᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠢᠶᠠᠷ ᠠᠬᠢᠭᠤᠯᠪᠠ᠃ ᠠᠮᠤᠷ ᠲᠦᠪᠰᠢᠨ ᠤ ᠲᠠᠯ᠎ᠠ ᠳᠤ ᠬᠤᠯᠪᠤᠭᠳᠠᠭᠰᠠᠨ 2040 ᠠᠰᠠᠭᠤᠳᠠᠯ ᠢ ᠪᠥᠬᠦ ᠲᠠᠯ᠎ᠠ | ᠪᠠᠷ ᠰᠢᠶᠳᠪᠦᠷᠢᠯᠡᠵᠦ᠂ ᠬᠦᠨᠳᠦ ᠨᠣᠴᠢᠲᠠᠢ ᠠᠶᠤᠯᠭᠦᠶ ᠦᠶᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠤᠨ ᠬᠦᠯᠢᠶᠡᠨ ᠠᠪᠤᠭᠰᠠᠨ ᠤᠳᠠᠭ᠎ᠠ ᠪᠠ ᠬᠥᠮᠦᠨ ᠤ ᠲᠤᠭ᠎ᠠ ᠨᠢ ᠲᠣᠰᠪᠣᠷᠢ 18 % ᠪᠠ 52 | % ᠢᠶᠠᠷ ᠪᠠᠭᠤᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠠᠯ᠎ᠠ ᠶᠢᠨ ︽ᠭᠤᠷᠪᠠᠨ ᠨᠣᠷᠮ᠎ᠠ︾ ᠶᠢᠨ ᠵᠢᠭᠰᠠᠭᠠᠯᠲᠠ | ᠨᠢ ᠪᠦᠬᠦ ᠠᠶᠢᠮᠠᠭ ᠤᠨ ᠲᠡᠷᠢᠭᠦᠨ ᠳᠤ ᠣᠷᠣᠪᠠ᠃ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ︽ᠬᠤᠣᠰ | ᠪᠠᠭᠤᠷᠠᠯᠲᠠ︾ ᠶᠢ ᠪᠡᠶᠡᠯᠡᠭᠦᠯᠵᠦ᠂ 28 ᠵᠢᠯ ᠳᠠᠷᠠᠭᠠᠯᠠᠨ ᠠᠮᠢᠨ ᠬᠡᠷᠡᠭ ᠵᠢᠴᠢ ᠡᠯ᠎ᠡ ᠵᠦᠢᠯ ᠤᠨ ᠬᠡᠷᠡᠭ ᠢ ᠪᠦᠬᠦᠨ ᠢ | ᠰᠢᠢᠳᠪᠦᠷᠢᠯᠡᠬᠦ ᠶᠢ ᠪᠠᠲᠤᠯᠠᠪᠠ᠃ ᠬᠥᠯᠥᠰᠥᠨ ᠠᠵᠢᠯᠴᠢᠨ ᠤ ᠴᠠᠯᠢᠩ ᠮᠦᠩᠬᠦᠨ ᠤ ᠪᠠᠲᠤᠯᠠᠭ᠎ᠠ ᠶᠢᠨ ᠳᠦᠷᠢᠮ ᠢ ᠨᠡᠶᠢᠳᠡᠮ | ᠬᠡᠷᠡᠭᠵᠢᠬᠦᠯᠵᠦ᠂ ᠡᠮ ᠪᠠ ᠬᠦᠨᠡᠰᠦᠨ ᠤ ᠠᠶᠤᠯᠭᠦᠢ ᠶᠢᠨ ᠠᠵᠢᠯ ᠲᠣᠭᠲᠠᠭᠤᠨ ᠢᠶᠠᠷ ᠣᠷᠣᠭᠰᠢᠯᠠᠵᠤ᠂ ᠦᠶᠡᠷ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠵᠤ ᠢᠯᠡᠳᠲᠡ ᠦᠷ᠎ᠡ ᠪᠦᠲᠦᠮᠵᠢ ᠤᠯᠪᠠ᠃ | ᠲᠤᠰ ᠪᠡᠶ᠎ᠡ ᠶᠢᠨ ᠪᠦᠳᠦᠭᠡᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭ᠎ᠠ ᠪᠠᠷᠢᠮᠲᠠᠯᠠᠨ᠂ ᠵᠠᠰᠠᠭ ᠤᠨ ᠣᠷᠳᠣᠨ ᠤ ᠰᠢᠰᠲ᠋ᠧᠮ ᠤᠨ ᠤᠯᠤᠰ ᠲᠥᠷᠥ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ | ᠬᠠᠮᠠᠭᠠᠯᠠᠬᠤ︾ ᠶᠢ ᠴᠢᠩᠭ᠎ᠠ ᠪᠡᠶᠡᠯᠡᠭᠦᠯᠪᠡ᠃ ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 26 ᠤᠳᠠᠭ᠎ᠠ᠂ | ᠪᠠᠶᠢᠩᠭᠤ ᠶᠢᠨ ᠬᠤᠷᠠᠯ ᠢ 18 ᠤᠳᠠᠭ᠎ᠠ ᠬᠤᠷᠠᠯᠳᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠰᠡᠳᠦᠪᠲᠦ | ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ | ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 100 % ᠳᠤ ᠬᠦᠷᠴᠡᠢ᠃ | ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠪᠠᠶᠢᠷᠢᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠪᠠᠨ | ᠴᠢᠩᠭᠠᠳᠬᠠᠨ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠤ ᠭᠦᠢᠴᠡᠳᠭᠡᠬᠦ ᠡᠷᠬᠡ ᠶᠢ ᠴᠢᠩᠭᠠᠳᠬᠠᠪᠠ | ᠃ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠱᠠᠭᠠᠷᠳᠠᠨ ᠪᠠᠶᠢᠴᠠᠭᠠᠬᠤ ᠵᠡᠷᠭᠡ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠤᠯᠠᠮ ᠵᠢᠷᠤᠮᠵᠢᠭᠤᠯᠵᠤ᠂ ᠪᠦᠯᠬᠦᠮᠳᠡᠨ ᠳᠠᠪᠰᠢᠭᠰᠠᠨ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | | ᠡᠭᠦᠨ ᠤ ᠬᠠᠮᠲᠤ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ | ᠠᠭᠠᠷ ᠤᠨ ᠰᠡᠷᠭᠡᠶᠢᠯᠡᠯᠲᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠤ ᠦᠶᠯᠡᠳᠪᠦᠷᠢ ᠬᠤᠳᠠᠯᠳᠤᠭᠠᠨ ᠤ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ | ᠨᠢᠭᠡᠴᠡ ᠶᠢᠨ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠴᠠᠭ ᠠᠭᠤᠷ ᠭᠠᠵᠠᠷ ᠬᠥᠳᠡᠯᠦᠯᠲᠡ᠂ ᠬᠤᠶᠢᠴᠢ ᠦᠶ᠎ᠡ ᠪᠠᠨ ᠬᠠᠯᠠᠮᠵᠢᠯᠠᠬᠤ᠂ | ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠦᠷ᠎ᠡ ᠪᠦᠲᠦᠮᠵᠢ ᠤᠯᠪᠠ᠃ | | 2023 ᠣᠨ ᠳᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ | ᠪᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠷᠭᠠᠭᠤ ᠠᠵᠢᠯᠯᠠᠵᠤ᠂ ᠪᠦᠬᠦ ᠰᠡᠳᠬᠢᠯ ᠪᠦᠬᠦ ᠬᠦᠴᠦᠨ ᠢᠶᠠᠷ | ᠢᠶᠠᠨ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠢᠯᠡᠷᠬᠡᠢ ᠪᠠᠶᠢᠵᠤ᠂ | ᠣᠯᠠᠨ ᠲᠦᠮᠡᠨ ᠤ ᠬᠦᠴᠢᠷ ᠲᠦᠪᠡᠭᠲᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠰᠢᠨ᠎ᠡ ᠠᠮᠵᠢᠯᠲᠠ ᠳᠤ | ᠬᠦᠷᠦᠭᠰᠡᠨ ᠪᠠᠶᠢᠨ᠎ᠠ᠃ | | —ᠪᠢᠳᠠ ᠥᠷᠢ ᠰᠢᠷᠢ ᠪᠠᠨ ᠪᠦᠳᠦᠮᠵᠢᠳᠠᠢ ᠲᠥᠯᠥᠵᠦ᠂ ᠠᠯᠢ ᠤᠯᠠᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ | ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷᠯᠢᠭ ᠠᠬᠢᠭᠤᠯᠵᠤ᠂ ᠦᠶᠯᠡᠳᠪᠦᠷᠢᠯᠡᠯ ᠵᠣᠭᠰᠣᠭᠰᠠᠨ 2 | ᠠᠵᠤ ᠠᠬᠤᠶᠢᠯᠠᠯ ᠤᠨ ᠰᠤᠯᠠ ᠪᠠᠶᠢᠭ᠎ᠠ ᠬᠡᠷ ᠪᠠᠶᠢᠰᠢᠩ ᠢ ᠠᠰᠢᠭᠯᠠᠵᠤ᠂ ᠲᠤᠲᠠᠭᠤ ᠲᠣᠷᠭᠤᠨ ᠬᠠᠶᠠᠭᠳᠠᠭᠰᠠᠨ 3 ᠲᠦᠷᠦᠯ | ᠵᠦᠢᠯ ᠤᠨ ᠡᠵᠡᠩᠨᠡᠯᠲᠡ ᠶᠢ ᠠᠬᠢᠭᠤᠯᠵᠤ᠂ ᠤᠳᠠᠭᠠᠨ ᠳᠠᠷᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ 26 ᠬᠡᠷᠡᠭ ᠢ ᠪᠦᠬᠦᠨ | ᠢ ᠰᠢᠶᠳᠪᠦᠷᠢᠯᠡᠵᠦ᠂ ᠨᠤᠲᠤᠭ ᠪᠡᠯᠴᠢᠭᠡᠷ᠂ ᠣᠢ ᠰᠢᠭᠤᠢ ᠶᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ 568 | ᠬᠡᠷᠡᠭ ᠢ ᠪᠦᠬᠦᠨ ᠢ ᠰᠢᠢᠳᠪᠦᠷᠢᠯᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠪᠣᠶᠣ ᠰᠤᠯᠠ ᠪᠠᠶᠢᠭ᠎ᠠ 650 ᠮᠥ | ᠭᠠᠵᠠᠷ ᠢ ᠪᠦᠬᠦᠨ ᠢ ᠰᠢᠢᠳᠪᠦᠷᠢᠯᠡᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠵᠦᠢᠯᠡᠰ ᠢ ᠠᠯᠬᠤᠮ ᠠᠯᠬᠤᠮ ᠢᠶᠠᠷ | ᠦᠭᠡᠶᠢᠰᠬᠡᠪᠡ᠃ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠡᠷᠴᠢᠮᠲᠠᠢ ᠪᠠᠲᠤᠯᠠᠵᠤ᠂ 2 ᠲᠦᠮᠡ ᠭᠠᠷᠤᠶ ᠲᠣᠨ | ᠨᠡᠭᠦᠷᠡᠰᠦ ᠬᠠᠩᠭᠠᠨ ᠳᠤᠯᠠᠭᠠᠯᠠᠭ᠎ᠠ ᠶᠢ ᠪᠠᠲᠤᠯᠠᠵᠤ᠂ 953 ᠬᠤᠪᠢ ᠳᠤᠯᠠᠭᠠᠯᠠᠭ᠎ᠠ ᠠᠨᠠᠢ ᠪᠠᠶᠢᠭ᠎ᠠ ᠠᠰᠠᠭᠤᠳᠠᠯ ᠢ | ᠰᠢᠶᠳᠪᠦᠷᠢᠯᠡᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠡᠷᠴᠢᠮᠳᠠᠢ ᠰᠢᠶᠳᠪᠦᠷᠢᠯᠡᠵᠦ᠂ 3365 ᠬᠡᠷ ᠪᠦᠯᠢ ᠶᠢᠨ ᠬᠢᠨ ︽ᠬᠡᠷ ᠪᠠᠶᠢᠰᠢᠩ ᠤᠨ ᠬᠥᠷᠥᠩᠭᠡ ᠶᠢᠨ ᠦᠨᠡᠮᠯᠡᠯ︾ ᠢᠶᠠᠨ | ᠣᠯᠵᠠᠶ᠃ ᠡᠳ᠋ ᠤᠨ ᠬᠦᠴᠦᠨ ᠲᠤᠶᠢᠯ ᠤᠨ ᠪᠠᠴᠢᠮ ᠪᠠᠶᠢᠳᠠᠯ ᠳᠣᠣᠷ᠎ᠠ᠂ ᠳᠣᠲᠣᠭᠠᠳᠤ ᠶᠢ ᠬᠠᠮᠠᠭᠠᠯᠠᠬᠤ 94 ᠺᠠᠳ᠋ᠷ | ᠴᠠᠭᠳᠠᠭᠠᠨ ᠤ ᠨᠡᠶᠢᠭᠡᠮ ᠤᠨ ᠳᠠᠭᠠᠳᠬᠠᠯ ᠤᠨ ᠮᠥᠩᠭᠦ ᠶᠢ ᠨᠦᠬᠦᠨ ᠲᠤᠰᠢᠶᠠᠵᠦ᠂ ᠲᠡᠳᠡᠨ ᠳᠤ ᠲᠤᠯᠭᠠᠷᠠᠵᠤ ᠪᠠᠶᠢᠭ᠎ᠠ | ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠪᠡ᠃ ︽ᠥᠷᠢ ᠥᠭᠴᠡᠭᠡ ᠶᠢ ᠴᠠᠶᠢᠷᠠᠭᠤᠯᠬᠤ ᠨᠢ ᠮᠦᠨ ᠴᠦ ᠵᠠᠰᠠᠭ ᠤᠨ ᠠᠵᠢᠯ | ᠤᠨ ᠪᠦᠲᠦᠮᠵᠢ ᠮᠥᠨ︾ ᠭᠡᠬᠦ ᠤᠳᠤᠷᠢᠳᠤᠮᠵᠢ ᠶᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠦᠨᠡᠨ ᠪᠣᠳᠠᠲᠠᠶ ᠪᠠᠷ ᠠᠷᠭ᠎ᠠ | ᠬᠡᠮᠵᠢᠶ᠎ᠡ ᠠᠪᠴᠤ᠂ 2.2 ᠳ᠋ᠦᠩᠰᠢᠭᠤᠷ ᠲᠦᠭᠦᠷᠢᠭ ᠤᠨ ᠵᠠᠰᠠᠭ ᠤᠨ ᠣᠷᠳᠣᠨ ᠤ ᠳᠠᠯᠳᠠ ᠴᠢᠨᠠᠷ ᠤᠨ ᠥᠷᠢ ᠰᠢᠷᠢ ᠪᠠ 3. | 2 ᠳ᠋ᠦᠩᠰᠢᠭᠤᠷ ᠲᠦᠭᠦᠷᠢᠭ ᠤᠨ ᠦᠯᠡᠳᠡᠭᠳᠡᠵᠦ ᠢᠷᠡᠭᠰᠡᠨ ᠥᠷᠢ ᠰᠢᠷᠢ ᠶᠢ ᠲᠦᠯᠦᠵᠦ᠂ ᠨᠢᠭᠡ ᠪᠦᠯᠦᠭ ᠳᠤᠮᠳᠠ ᠵᠢᠵᠢᠭ | ᠠᠵᠤ ᠠᠬᠤᠶᠢᠯᠠᠯ ᠤᠨ ᠲᠣᠰ ᠪᠡᠶ᠎ᠡ ᠶᠢᠨ ᠠᠰᠢᠭ ᠲᠤᠰᠠ ᠶᠢ ᠪᠦᠲᠦᠮᠵᠢᠲᠡᠶ ᠬᠠᠮᠠᠭᠠᠯᠠᠪᠠ᠃ | | —ᠪᠢᠳᠡ ᠦᠶᠯᠡᠴᠢᠯᠡᠭᠡ ᠪᠠᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠰᠥᠯ ᠢ ᠪᠠᠲᠤᠯᠠᠪᠠ᠃ ᠢᠷᠡᠭᠡᠳᠦᠶ ᠶᠢᠨ | ᠬᠥᠭᠵᠢᠯᠲᠡ ᠲᠠᠢ ᠬᠤᠯᠪᠤᠭᠳᠠᠬᠤ ᠠᠯᠤᠰ ᠬᠡᠲᠦ ᠶᠢᠨ ᠨᠥᠯᠥᠭᠡ ᠲᠠᠢ ᠲᠤᠯᠭᠠᠭᠤᠷᠢ ᠪᠣᠯᠬᠤ ᠳᠥᠰᠥᠯ ᠢ ᠨᠠᠶᠢᠳᠠᠪᠤᠷᠢᠵᠢᠭᠤᠯᠵᠤ | ᠂ ᠱᠠᠩᠳᠤ ᠵᠠᠭᠤᠨ ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠪᠠ 30 ᠲᠦᠮᠡᠨ ᠺᠢᠯᠣᠸᠠᠲ ᠤᠨ ᠢᠵᠢ | ᠪᠥᠷᠢᠳᠦᠭᠰᠡᠨ ᠡᠨᠧᠷᠭᠢ ᠬᠠᠳᠠᠭᠠᠯᠠᠬᠤ ᠳᠥᠰᠥᠯ ᠢ ᠠᠰᠢᠭᠯᠠᠯᠲᠠ ᠳᠤ ᠣᠷᠣᠭᠤᠯᠵᠣ᠂ ᠪᠥᠬᠦ ᠤᠯᠤᠰ ᠤᠨ ᠠᠩᠬᠠᠳᠠᠭᠴᠢ ︽ | ᠰᠠᠯᠬᠢᠨ ᠬᠦᠴᠦᠨ ᠤ ᠴᠠᠬᠢᠯᠭᠠᠨ ᠪᠠ ᠢᠯᠴᠢ ᠶᠢᠨ ᠬᠦᠴᠦᠨ ᠤ ᠴᠠᠬᠢᠯᠭᠠᠨ ᠤ ᠨᠥᠭᠡᠴᠡᠯᠡᠯ︾ ᠶᠢ ᠭᠠᠳᠠᠭᠰᠢ ᠬᠦᠷᠭᠡᠬᠦ | ᠡᠨᠧᠷᠭᠢ ᠶᠢᠨ ᠰᠠᠭᠤᠷᠢᠨ ᠢ ᠪᠠᠶᠢᠭᠤᠯᠪᠠ᠃ ᠰᠢᠨ᠎ᠡ ᠡᠨᠧᠷᠭᠢ ᠶᠢᠨ ᠭᠤᠷᠪᠠᠳᠤᠭᠠᠷ ᠬᠤᠭᠤᠴᠠᠭᠠᠨ ᠤ 30 ᠲᠦᠮᠡᠨ ᠺᠢᠯᠣᠸᠠᠲ | ᠤᠨ ᠨᠠᠷᠠ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠳᠥᠰᠥᠯ ᠤᠳᠠᠯ ᠥᠬᠡᠶ ᠠᠵᠢᠯ ᠡᠬᠢᠯᠡᠬᠦᠯᠵᠦ᠂ ᠱᠠᠩᠳᠤ ᠵᠠᠭᠤᠨ | ᠲᠦᠮᠡᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠳᠥᠰᠥᠯ ᠪᠣᠯᠤᠨ | ᠴᠡᠪᠡᠷ ᠡᠨᠧᠷᠭᠢ ᠶᠢᠨ ᠴᠠᠬᠢᠯᠭᠠᠨ ᠢᠶᠠᠷ ᠤᠰᠤᠲᠥ᠋ᠷᠥᠭᠴᠢ ᠦᠶᠯᠡᠳᠬᠦ ᠳᠥᠰᠥᠯ ᠢ ᠡᠳᠦᠷ ᠲᠤᠲᠤᠮ ᠤᠨ ᠵᠥᠪᠯᠡᠬᠦ ᠵᠦᠶᠯ | ᠳᠡᠭᠡᠨ ᠣᠷᠤᠭᠤᠯᠪᠠ᠃ ᠵᠠᠭᠤ ᠰᠢᠬᠠᠮ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ ᠬᠠᠶᠢᠯᠤᠰᠢ ᠶᠢᠨ ᠳᠥᠰᠥᠯ | ᠤᠨ ᠪᠡᠯᠡᠳᠭᠡᠯ ᠠᠵᠢᠯ ᠨᠢᠭᠡᠨᠲᠡ ᠡᠬᠢᠯᠡᠵᠦ᠂ ︽ᠴᠡᠪᠡᠷ ᠡᠨᠧᠷᠭᠢ ᠶᠢᠨ ᠴᠠᠬᠢᠯᠭᠠᠨ + ᠴᠢᠨᠠᠷᠯᠢᠭ ᠳᠠᠭᠠᠭᠠᠴᠠ ᠲᠠᠢ ᠡᠨᠧᠷᠭᠢ︾ | ᠶᠢᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠵᠦ᠂ ᠠᠰᠢᠭᠯᠠᠯᠲᠠ ᠳᠤ ᠤᠷᠤᠭᠰᠠᠨ ᠤ ᠳᠠᠷᠠᠭ᠎ᠠ ᠠᠵᠤ ᠦᠶᠯᠡᠳᠪᠦᠷᠢ | ᠶᠢᠨ ᠦᠶᠯᠡᠳᠬᠦᠨ ᠤ ᠥᠷᠲᠡᠭ᠂ ᠭᠠᠶᠢᠯᠢ ᠲᠠᠲᠠᠪᠤᠷᠢ ᠳᠠᠬᠢᠨ ᠢᠶᠠᠷ ᠨᠡᠮᠡᠭᠳᠡᠨ᠂ ᠴᠢᠨᠠᠷᠯᠢᠭ ᠬᠥᠭᠵᠢᠯᠲᠡ ᠦᠷᠭᠦᠯᠵᠢᠯᠡᠨ | ᠪᠠᠲᠤᠵᠢᠬᠤ ᠪᠣᠯᠤᠨ᠎ᠠ᠃ ᠡᠷᠢᠶᠡᠨ ᠠᠴᠠ ᠭᠤᠸᠠᠩᠵᠧᠦ ᠬᠦᠷᠬᠦ ᠬᠤᠷᠳᠤᠨ ᠤ ᠵᠠᠮ᠂ ᠲᠠᠶᠢᠽᠢ ᠴᠧᠩ ᠠᠴᠠ ᠰᠢᠯᠢᠩᠬᠤᠲᠠ | ᠬᠦᠷᠬᠦ ᠲᠡᠮᠦᠷ ᠵᠠᠮ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ | ᠳᠥᠰᠥᠯ ᠢ ᠯᠠᠪᠳᠠᠭᠤᠨ ᠢᠶᠠᠷ ᠬᠡᠷᠡᠭᠵᠢᠭᠦᠯᠵᠦ᠂ ᠱᠠᠩᠳᠤ ᠤᠰᠤᠨ ᠴᠥᠭᠦᠷᠥᠮ ᠤᠨ ᠪᠡᠯᠡᠳᠭᠡᠯ ᠠᠵᠢᠯ ᠢ ᠲᠦᠷᠭᠡᠳᠬᠡᠨ | ᠠᠬᠢᠭᠤᠯᠵᠤ᠂ ᠠᠵᠤ ᠦᠢᠯᠡᠰ ᠤᠨ ᠴᠢᠨᠠᠷᠯᠢᠭ ᠬᠥᠭᠵᠢᠯᠲᠡ ᠳᠤ ᠥᠷᠭᠡᠨ ᠵᠠᠢ ᠬᠠᠩᠭᠠᠪᠠ᠃ | ᠲᠥᠯᠥᠭᠡᠯᠡᠭᠴᠢᠳ ᠡ︕ ᠬᠦᠴᠢᠷ ᠤᠨ ᠡᠮᠦᠨ᠎ᠡ ᠨᠤᠭᠤᠷᠠᠬᠤ ᠦᠭᠡᠢ᠂ ᠬᠦᠷᠬᠦ ᠠᠯᠤᠰ ᠲᠤ ᠢᠲᠡᠭᠡᠯ ᠠᠯᠳᠠᠬᠤ ᠦᠭᠡᠢ | ᠪᠠᠶᠢᠵᠤ᠂ ᠰᠡᠳᠬᠢᠯ ᠪᠠᠭ᠋ᠠᠳᠤᠮ᠎ᠠ ᠠᠵᠢᠯ ᠤᠨ ᠪᠦᠳᠦᠮᠵᠢ ᠶᠢᠨ ᠬᠤᠶᠢᠨ᠎ᠠ ᠡᠷᠡᠰ ᠰᠢᠭᠤᠷᠬᠠᠢ ᠢᠲᠡᠭᠡᠯ ᠪᠢᠰᠢᠷᠡᠯ᠂ ᠬᠡᠮᠵᠢᠶᠡᠯᠡᠰᠢ | ᠦᠭᠡᠢ ᠴᠢᠷᠮᠠᠶᠢᠯᠭ᠎ᠠ ᠳᠤᠲᠠᠭᠳᠠᠵᠤ ᠪᠤᠯᠤᠰᠢ ᠦᠭᠡᠢ᠃ ᠰᠢᠯᠤᠭᠤᠨ ᠬᠥᠬᠡ ᠬᠤᠰᠢᠭᠤᠨ ᠤ ᠡᠯ᠎ᠡ ᠲᠦᠷᠦᠯ ᠤᠨ ᠠᠵᠢᠯ ᠢ | ᠭᠢᠯᠠᠯᠵᠠᠮ᠎ᠠ ᠪᠡᠶᠡᠯᠡᠭᠦᠯᠦᠨ᠂ ᠠᠰᠤᠷᠤ ᠬᠥᠭᠵᠢᠯᠲᠡ ᠶᠢ ᠠᠬᠢᠭᠤᠯᠬᠤ ᠶᠢᠨ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠪᠣᠯ ᠰᠢ | ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠴᠢᠩᠭ᠎ᠠ ᠤᠳᠤᠷᠢᠳᠤᠯᠭ᠎ᠠ ᠮᠥᠨ᠂ ᠬᠠᠮᠤᠭ | ᠤᠨ ᠦᠨᠳᠦᠰᠦᠨ ᠵᠢᠷᠤᠮᠯᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠮᠥᠨ᠂ ᠬᠠᠮᠤᠭ ᠤᠨ ᠴᠢᠬᠤᠯᠠ ᠡᠭᠦᠷᠭᠡ | ᠪᠣᠯ ︽ᠬᠤᠶᠠᠷ ᠶᠡᠭᠡ ᠶᠠᠪᠤᠳᠠᠯ︾ ᠢ ᠪᠣᠳᠠᠲᠠᠶ ᠨᠠᠶᠢᠳᠠᠪᠤᠷᠢᠵᠢᠭᠤᠯᠬᠤ ᠪᠣᠯᠤᠨ᠎ᠠ ᠭᠡᠳᠡᠭ ᠢ ᠪᠢᠳᠡ ᠭᠦᠨᠵᠡᠭᠡᠶ ᠣᠶᠢᠯᠠᠭᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠠᠨ ᠤ ᠣᠯᠤᠭᠰᠠᠨ ᠠᠮᠵᠢᠯᠲᠠ᠂ ᠪᠡᠶᠡᠯᠡᠭᠦᠯᠦᠭᠰᠡᠨ ᠢᠨᠵᠧᠨᠧᠷᠢᠩ ᠨᠢᠭᠡᠪᠦᠷᠢ ᠨᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭᠠᠨ ᠤ ᠴᠢᠩᠭ᠎ᠠ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶᠠᠨ ᠤ ᠪᠦᠭᠦᠳᠡ ᠳᠠᠶᠠᠭᠠᠷ ᠢ | ᠪᠦᠯᠬᠦᠮᠳᠡᠭᠦᠯᠦᠨ ᠳᠠᠭᠠᠭᠤᠯᠵᠤ᠂ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠤ ᠬᠢ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ᠂ ᠬᠦᠴᠦᠲᠡᠶ | ᠳᠡᠮᠵᠢᠯᠭᠡ ᠠᠴᠠ ᠪᠣᠯᠤᠭᠰᠠᠨ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ | ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠪᠦᠬᠦ ᠠᠷᠠᠳ ᠤᠨ ᠲᠥᠯᠥᠭᠡᠯᠡᠭᠴᠢ ᠪᠠ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠨ᠂ ᠡᠯ᠎ᠡ ᠠᠷᠠᠳ ᠤᠨ ᠪᠦᠯᠬᠦᠮ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯ ᠠᠴᠠ ᠪᠠᠨ | ᠳᠠᠷᠬᠠᠯᠠᠭᠳᠠᠭᠰᠠᠨ ᠠᠬᠠᠮᠠᠳ ᠺᠠᠳ᠋ᠷ᠂ ᠵᠡᠪᠰᠡᠭᠲᠦ ᠴᠠᠭᠳᠠᠭᠠᠨ ᠤ ᠳᠤᠮᠳᠠ ᠠᠩᠭᠢ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ᠂ ᠭᠠᠯ ᠤᠨᠲᠠᠷᠠᠭᠠᠨ ᠠᠪᠤᠷᠠᠨ ᠲᠤᠰᠠᠯᠠᠬᠤ ᠡᠩᠨᠡᠭᠡ᠂ ᠰᠢᠯᠤᠭᠤᠨ ᠬᠥᠬᠡ ᠬᠤᠰᠢᠭᠤᠨ ᠳᠤ ᠪᠡᠯᠡ | ᠣᠷᠣᠭᠤᠯᠤᠭᠴᠢᠳ᠂ ᠪᠦᠲᠦᠭᠡᠨ ᠪᠠᠶᠢᠭᠤᠯᠤᠭᠴᠢᠳ᠂ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | | ᠲᠥᠯᠥᠭᠡᠯᠡᠭᠴᠢᠳ ᠡ᠂ ᠤᠯᠤᠭᠰᠠᠨ ᠠᠮᠵᠢᠯᠲᠠ ᠪᠠᠨ ᠨᠤᠲᠠᠯᠠᠬᠤ ᠶᠢᠨ ᠳᠠᠭᠠᠤ ᠬᠥᠭᠵᠢᠯᠲᠡ ᠶᠢᠨ ᠳᠤᠮᠳᠠ ᠤᠷᠤᠰᠢᠵᠤ | ᠪᠠᠶᠢᠭ᠎ᠠ ᠬᠦᠴᠢᠷᠳᠡᠯ ᠪᠠ ᠠᠰᠠᠭᠤᠳᠠᠯ ᠢᠶᠠᠨ ᠪᠢᠳᠡ ᠰᠡᠷᠭᠡᠭ ᠢᠶᠠᠷ ᠤᠯᠵᠤ ᠲᠠᠨᠢᠯ᠎ᠠ᠃ ᠨᠢᠭᠡ ᠳᠤ᠂ ᠠᠵᠤ ᠦᠢᠯᠡᠰ ᠤᠨ | ᠬᠥᠭᠵᠢᠯᠲᠡ ᠶᠢᠨ ᠬᠢᠷᠢ ᠲᠦᠪᠰᠢᠨ ᠳᠣᠣᠷ᠎ᠠ᠂ ᠮᠠᠯ ᠲᠠᠷᠢᠶᠠᠯᠠᠩ ᠤᠨ ᠪᠦᠲᠦᠭᠡᠭᠳᠡᠬᠦᠨ ᠨᠢ ᠠᠵᠤ ᠦᠢᠯᠡᠰ ᠤᠨ ᠬᠡᠯᠬᠢᠶᠡᠵᠢᠯ | ᠪᠠ ᠥᠷᠲᠡᠭ ᠤᠨ ᠬᠡᠯᠬᠢᠶᠡᠵᠢᠯ ᠤᠨ ᠳᠣᠣᠷ᠎ᠠ ᠲᠦᠪᠰᠢᠨ ᠳᠤ ᠪᠠᠶᠢᠷᠢᠯᠠᠵᠤ᠂ ᠠᠵᠤ ᠠᠬᠤᠢ ᠶᠢᠨ ᠦᠷ᠎ᠡ ᠠᠰᠢᠭ ᠠᠨᠠᠢ | ᠪᠠᠶᠢᠭᠰᠠᠭᠠᠷ᠃ ᠡᠨᠧᠷᠭᠢ ᠶᠢᠨ ᠪᠤᠰᠤ ᠲᠥᠷᠥᠯ ᠵᠦᠶᠯ ᠤᠨ ᠨᠥᠭᠡᠴᠡ ᠴᠦᠬᠡᠨ᠂ ᠠᠵᠤ ᠦᠶᠯᠡᠳᠪᠦᠷᠢ ᠶᠢᠨ ᠬᠡᠯᠪᠡᠷᠢ ᠪᠤᠯᠤᠨ | ᠭᠠᠶᠢᠯᠢ ᠶᠢᠨ ᠢᠷᠡᠯᠲᠡ ᠶᠢᠨ ᠬᠡᠯᠪᠡᠷᠢ ᠶᠢᠨ ᠲᠥᠷᠥᠯ ᠵᠦᠶᠯ ᠴᠥᠬᠡᠨ ᠪᠠᠶᠢᠨ᠎ᠠ᠃ ᠰᠣᠶᠣᠯ ᠵᠢᠭᠤᠯᠴᠢᠯᠠᠯ ᠤᠨ ᠠᠵᠤ ᠦᠶᠯᠡᠰ | ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠦᠶᠯᠡᠳᠦᠯ ᠢ ᠬᠠᠷᠠᠬᠠᠨ ᠭᠦᠶᠴᠡᠳ ᠪᠠᠳᠠᠷᠠᠭᠤᠯᠤᠭᠠᠳᠤᠶ᠃ | ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠤᠯᠠᠨ ᠰᠢᠷᠭ᠎ᠠ ᠲᠠᠭ᠎ᠠ ᠶᠢᠨ | ᠮᠠᠩᠬᠠᠨ ᠭᠠᠵᠠᠷ ᠢ ᠴᠡᠭᠴᠡᠯᠡᠨ ᠵᠠᠰᠠᠬᠤ ᠡᠭᠦᠷᠭᠡ ᠬᠦᠨᠳᠦ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠣᠯᠤᠨ ᠠᠵᠤ ᠠᠬᠤᠢ ᠶᠢᠨ ᠬᠥᠭᠵᠢᠯᠲᠡ ᠶᠢᠨ ᠱᠠᠳᠤᠴᠢ ᠴᠢᠨᠠᠷᠲᠠᠢ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ | ᠳᠡᠶᠢᠯᠦᠭᠡᠳᠦᠢ ᠪᠠᠶᠢᠨ᠎ᠠ᠃ ᠭᠤᠷᠪᠠ ᠳᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠲᠣᠪᠣᠶᠢᠮ᠎ᠠ | ᠪᠦᠭᠡᠳ ᠣᠷᠣᠯᠭ᠎ᠠ ᠵᠠᠷᠤᠯᠭ᠎ᠠ ᠶᠢᠨ ᠳᠠᠷᠤᠯᠲᠠ ᠶᠡᠭᠡ ᠪᠠᠶᠢᠵᠤ᠂ ᠥᠷᠢ ᠥᠭᠴᠡᠭᠡᠨ ᠤ ᠲᠦᠭᠰᠢᠭᠦᠷᠢ ᠦᠨᠳᠦᠷ ᠪᠠᠶᠢᠭᠰᠠᠭᠠᠷ᠃ | ᠳᠥᠷᠪᠡ ᠳᠤ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠬᠡᠦᠬᠡᠳ | ᠰᠠᠭᠠᠲᠠᠭᠤᠯᠬᠤ ᠵᠡᠷᠭᠡ ᠬᠦᠷᠢᠶ᠎ᠡ ᠴᠠᠷ᠎ᠠ ᠳᠤ ᠮᠠᠰᠢ ᠣᠯᠠᠨ ᠳᠤᠳᠠᠭᠳᠠᠯ ᠪᠠ ᠪᠠᠭᠤᠷᠠᠶ ᠲᠠᠯ᠎ᠠ ᠣᠷᠣᠰᠢᠵᠤ᠂ ᠣᠯᠠᠨ ᠲᠦᠮᠡᠨ ᠤ | ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠲᠠᠪᠤ ᠳᠤ᠂ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠴᠢᠬᠤᠯᠠᠲᠠᠢ ᠪᠠᠶᠢᠵᠤ᠂ ᠵᠠᠰᠠᠭ ᠤᠨ | ᠣᠷᠳᠣᠨ ᠤ ᠵᠠᠷᠢᠮ ᠺᠠᠳ᠋ᠷ ᠠᠵᠢᠯᠲᠠᠨ ᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠴᠢᠳᠠᠪᠤᠷᠢ ᠬᠦᠷᠦᠯᠴᠡᠬᠦ ᠦᠭᠡᠢ᠂ | ᠥᠪᠡᠷ ᠢ ᠪᠠᠨ ᠴᠢᠩᠭ᠎ᠠ ᠱᠠᠭᠠᠷᠳᠠᠵᠤ ᠪᠣᠳᠠᠲᠠᠢ ᠪᠠᠷ ᠠᠵᠢᠯᠯᠠᠬᠤ ᠰᠤᠷᠲᠠᠯ ᠪᠠᠰᠠ ᠪᠠᠭᠤᠷᠠᠢ ᠪᠠᠶᠢᠭᠰᠠᠭᠠᠷ᠃ ᠪᠢᠳᠡ | ᠤᠷᠤᠰᠢᠵᠤ ᠪᠠᠶᠢᠭ᠎ᠠ ᠠᠰᠠᠭᠤᠳᠠᠯ ᠪᠤᠯᠤᠨ ᠲᠤᠯᠭᠠᠷᠠᠵᠤ ᠪᠠᠶᠢᠭ᠎ᠠ ᠥᠷᠢᠰᠥᠯᠳᠦᠭᠡᠨ ᠳᠤ ᠰᠢᠭᠤᠳ ᠬᠠᠨᠳᠤᠵᠤ᠂ ᠴᠦᠬᠦᠷᠡᠰᠢ | ᠦᠭᠡᠢ ᠵᠣᠷᠢᠭ ᠪᠣᠯᠤᠨ ᠪᠦᠳᠦᠮᠵᠢᠳᠠᠢ ᠠᠷᠭ᠎ᠠ ᠬᠡᠮᠵᠢᠶ᠎ᠡ ᠪᠠᠷ ᠬᠢᠨᠠᠮᠠᠭᠠᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠯᠠᠪᠳᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃ | | ᠬ᠊ᠣᠶᠠᠷ᠂ 2024 ᠣᠨ ᠤ ᠭᠤᠣᠯ ᠡᠭᠦᠷᠭᠡ | | 2024 ᠣᠨ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ | ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠴᠢᠬᠤᠯᠠ ᠨᠢᠭᠡ ᠵᠢᠯ ᠪᠣᠯᠤᠨ᠎ᠠ᠂ ᠮᠦᠨ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ 2024 ᠣᠨ ᠤ ᠠᠵᠢᠯ ᠢ | ᠰᠠᠶᠢᠶᠢᠨ ᠬᠢᠬᠦ ᠳᠤ ᠠᠵᠠ ᠲᠣᠬᠢᠶᠠᠯ ᠪᠠ ᠥᠷᠢᠰᠥᠯᠳᠦᠭᠡᠨ ᠵᠡᠷᠭᠡᠪᠡᠷ ᠣᠷᠣᠰᠢᠵᠤ᠂ ᠶᠡᠷᠦᠩᠬᠡᠢ ᠳᠡᠭᠡᠨ ᠠᠵᠠ ᠲᠣᠬᠢᠶᠠᠯ ᠨᠢ | ᠥᠷᠢᠰᠥᠯᠳᠦᠭᠡᠨ ᠠᠴᠠ ᠶᠡᠭᠡ᠂ ᠠᠰᠢᠭ ᠨᠢ ᠬᠦᠴᠢᠷ ᠪᠡᠷᠬᠡᠰᠢᠶᠡᠯ ᠠᠴᠠ ᠤᠯᠠᠨ ᠪᠠᠶᠢᠨ᠎ᠠ᠃ ᠪᠥᠬᠦ ᠤᠯᠤᠰ ᠤᠨ ᠬᠥᠭᠵᠢᠯᠲᠡ | ᠠᠴᠠ ᠦᠵᠡᠪᠡᠯ᠂ ᠠᠵᠤ ᠠᠬᠤᠶ ᠦᠷᠭᠦᠯᠵᠢᠯᠡᠨ ᠬᠥᠭᠵᠢᠬᠦ ᠦᠨᠳᠦᠰᠦᠨ ᠪᠠᠶᠢᠳᠠᠯ ᠬᠤᠪᠢᠷᠠᠭ᠎ᠠ ᠥᠬᠡᠶ ᠪᠠᠶᠢᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ | ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾ ᠤ ᠰᠢᠪᠲᠤᠯᠤᠯᠲᠠ ᠶᠢᠨ | ᠢᠨᠵᠧᠨᠧᠷᠢᠩ ᠢ ᠡᠷᠴᠢᠮᠳᠠᠢ ᠭᠦᠢᠴᠡᠳᠬᠡᠬᠦ ᠪᠠ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢ ᠴᠡᠭᠴᠡᠯᠡᠨ ᠵᠠᠰᠠᠬᠤ ᠲᠥᠷᠥ | ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ | ᠴᠢᠨᠠᠷᠯᠢᠭ ᠬᠥᠭᠵᠢᠯᠲᠡ ᠶᠢ ᠠᠬᠢᠭᠤᠯᠤᠨ ᠳᠤᠮᠳᠠᠳᠤ ᠤᠯᠤᠰ ᠤᠨ ᠤᠨᠴᠠᠯᠢᠭ ᠪᠦᠬᠦᠢ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠳᠤ ᠳᠤᠷᠠᠳᠤᠭᠰᠠᠨ 33 ᠵᠦᠶᠯ ᠤᠨ ᠲᠥᠷᠥ ᠶᠢᠨ ᠪᠣᠳᠣᠯᠭ᠎ᠠ ᠪᠠ | ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠠᠷᠭ᠎ᠠ ᠬᠡᠮᠵᠢᠶ᠎ᠡ ᠨᠢ ᠮᠠᠨ ᠤ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠰᠢᠨ᠎ᠡ ᠠᠵᠠ ᠲᠣᠬᠢᠶᠠᠯ ᠤᠯᠭᠤᠨ᠎ᠠ᠃ ᠥᠪᠡᠷᠲᠡᠭᠡᠨ | ᠵᠠᠰᠠᠬᠤ ᠣᠷᠣᠨ ᠤ ᠳᠡᠮᠵᠢᠯᠭᠡ ᠠᠴᠠ ᠦᠵᠡᠪᠡᠯ᠂ ︽ᠵᠢᠷᠭᠤᠭᠠᠨ ᠵᠦᠢᠯ ᠤᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ | ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠪᠣᠳᠠᠲᠠᠶ ᠪᠠᠷ ᠬᠡᠷᠡᠭᠵᠢᠭᠦᠯᠬᠦ ᠢᠨᠵᠧᠨᠧᠷᠢᠩ ᠤᠨ ᠲᠥᠷᠥᠯ ᠵᠦᠶᠯ | ᠪᠣᠯᠭᠠᠨ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠨ ᠭᠦᠢᠴᠡᠳᠬᠡᠬᠦ ᠶᠢ ᠰᠠᠶᠢᠲᠤᠷ ᠠᠳᠬᠤᠨ᠎ᠠ᠃ ᠰᠢᠨ᠎ᠡ ᠡᠨᠧᠷᠭᠢ ᠶᠢᠨ | ᠠᠵᠤ ᠦᠶᠯᠡᠰ ᠤᠨ ︽ᠬᠤᠶᠠᠷ ᠢ ᠤᠷᠢᠳᠠᠪᠠᠷ ᠭᠦᠢᠴᠡᠳᠬᠡᠬᠦ︾ ︽ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ | ᠢᠶᠠᠨ ᠲᠥᠪᠯᠡᠷᠡᠭᠦᠯᠵᠦ᠂ ︽ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠭᠦᠴᠦᠨ ᠤ ᠴᠠᠬᠢᠯᠭᠠᠨ ᠢ ᠨᠢᠭᠡ | ᠴᠣᠭᠴᠠᠵᠢᠭᠤᠯᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠡᠯᠡᠰᠦᠷᠬᠡᠭ ᠭᠠᠵᠠᠷ ᠣᠷᠣᠨ ᠳᠤ ᠮᠢᠩᠭᠠᠨ ᠲᠦᠮᠡᠨ | ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠤ ᠦᠶᠯᠡᠰ ᠤᠨ ᠴᠢᠨᠠᠷᠯᠢᠭ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ︾ ᠶᠢ ᠳᠠᠷᠤᠮᠠᠯᠯᠠᠨ ᠲᠠᠷᠬᠠᠭᠠᠵᠤ᠂ ᠰᠦᠨ ᠤ ᠦᠶᠯᠡᠰ ᠢ ᠬᠦᠭᠵᠢᠬᠦᠯᠬᠦ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠠᠮ ᠴᠢᠩᠭᠠᠳᠬᠠᠬᠤ ᠨᠢ ᠪᠢᠳᠡᠨ ᠤ ᠠᠵᠤ ᠦᠶᠯᠡᠰ ᠤᠨ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠳᠠᠪᠠᠭᠤᠯᠢᠭ ᠢᠶᠠᠨ ᠪᠠᠳᠠᠷᠠᠭᠤᠯᠤᠨ᠂ ᠬᠦᠷᠦᠯᠴᠡᠬᠦ ᠥᠬᠡᠶ ᠲᠠᠯ᠎ᠠ ᠪᠠᠨ | ᠲᠡᠪᠴᠢᠬᠦ᠂ ᠰᠢᠯᠢᠳᠡᠭ ᠢ ᠪᠠᠶᠢᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ᠂ ᠠᠵᠤ ᠦᠶᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠡᠷᠴᠢᠮᠲᠠᠢ ᠠᠬᠢᠭᠤᠯᠬᠤ ᠳᠤ ᠠᠷᠭ᠎ᠠ ᠬᠡᠮᠵᠢᠶ᠎ᠡ ᠪᠤᠯᠤᠨ ᠠᠰᠢᠭᠲᠠᠶ ᠨᠥᠬᠦᠴᠡᠯ | ᠬᠠᠩᠭᠠᠭᠰᠠᠨ ᠪᠠᠶᠢᠨ᠎ᠠ᠃ ᠲᠣᠰ ᠪᠡᠶ᠎ᠡ ᠶᠢᠨ ᠨᠥᠬᠦᠴᠡᠯ ᠠᠴᠠ ᠦᠵᠡᠪᠡᠯ᠂ ᠮᠠᠨ ᠤ ᠬᠤᠰᠢᠭᠤᠨ ᠤ ᠪᠠᠶᠢᠭᠠᠯᠢ ᠶᠢᠨ ᠨᠥᠬᠦᠴᠡᠯ | ᠣᠯᠠᠨ ᠠᠴᠠ ᠣᠨᠴᠠᠭᠠᠢ᠂ ᠵᠠᠮ ᠬᠠᠷᠢᠯᠴᠠᠭᠠᠨ ᠤ ᠪᠠᠶᠢᠴᠠ ᠳᠠᠪᠠᠭᠤᠯᠢᠭ᠂ ᠮᠠᠯ ᠠᠵᠤ ᠠᠬᠤᠢ ᠶᠢᠨ ᠠᠵᠤ ᠦᠢᠯᠡᠰ ᠤᠨ | ᠳᠠᠪᠠᠭᠤᠯᠢᠭ ᠢᠯᠡᠷᠬᠡᠢ᠂ ᠴᠠᠬᠢᠯᠭᠠᠨ ᠬᠦᠴᠦᠨ ᠤ ᠡᠨᠧᠷᠭᠢ ᠶᠢᠨ ᠬᠥᠭᠵᠢᠯᠲᠡ ᠲᠦᠷᠭᠡᠨ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠡᠯᠪᠡᠭ᠂ ᠦᠨᠳᠦᠰᠦᠲᠡᠨ ᠤ ᠪᠦᠯᠬᠦᠮᠳᠡᠯ ᠦᠷᠭᠦᠯᠵᠢᠯᠡᠨ ᠪᠠᠬᠢᠵᠢᠵᠦ᠂ ᠲᠠᠶᠢᠽᠢ ᠴᠧᠩ ᠠᠴᠠ ᠰᠢᠯᠢᠩᠬᠤᠲᠠ ᠬᠦᠷᠬᠦ | ᠲᠡᠮᠦᠷ ᠵᠠᠮ᠂ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠡᠷᠭᠡ | ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ ᠠᠬᠢᠵᠤ᠂ ᠰᠢᠨ᠎ᠡ ᠨᠢᠭᠡ ᠵᠢᠯ ᠳᠤ᠂ | ᠪᠢᠳᠡᠨ ᠳᠤ ᠠᠵᠠ ᠳᠤᠬᠢᠶᠠᠯ ᠢ ᠵᠠᠪᠳᠤᠵᠤ᠂ ᠨᠠᠩ ᠰᠠᠶᠢᠨ ᠬᠥᠭᠵᠢᠯᠲᠡ ᠶᠢᠨ ᠦᠷ᠎ᠡ ᠪᠦᠲᠦᠮᠵᠢ ᠣᠯᠬᠤ ᠨᠥᠬᠦᠴᠡᠯ᠂ | ᠴᠢᠳᠠᠪᠤᠷᠢ ᠪᠦᠷᠢᠨ ᠪᠠᠶᠢᠨ᠎ᠠ᠃ | | 2024 ᠣᠨ ᠤ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ | ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ 2023 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶ | ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ | ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ︵ | ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ᠂ ᠲᠣᠭᠲᠠᠭᠤᠨ ᠢᠶᠠᠷ ᠤᠷᠤᠭᠰᠢᠯᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠤᠯᠭᠠᠨ᠂ ᠰᠡᠳᠬᠢᠯ | ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠭᠦᠢᠴᠡᠳᠬᠡᠵᠦ᠂ ︽ᠵᠢᠷᠭᠤᠭᠠᠨ | ᠵᠦᠢᠯ ᠤᠨ ᠢᠨᠵᠧᠨᠧᠷᠢᠩ︾ ᠢ ᠴᠢᠨᠠᠷᠯᠢᠭ ᠨᠠᠶᠢᠳᠠᠪᠤᠷᠢᠵᠢᠭᠤᠯᠤᠨ᠂ ᠳᠤᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠶᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠡᠯ᠎ᠡ ᠬᠦᠷᠢᠶ᠎ᠡ | ᠴᠠᠷ᠎ᠠ ᠶᠢᠨ ᠠᠵᠢᠯ ᠢ ᠪᠦᠳᠦᠮᠵᠢᠳᠠᠢ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ ᠤᠳᠤᠬᠢᠴᠢᠯᠠᠭᠰᠠᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃ | | ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ 2024 ᠣᠨ ᠤ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠭᠤᠤᠯ ᠬᠠᠷᠠᠯᠲᠠ ᠪᠣᠯ᠄ ᠳᠠᠷᠤᠢ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ | 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 6.5 % | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠡᠩ | ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 % ᠣᠷᠴᠢᠮ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠤᠯᠤᠨ ᠠᠵᠤ ᠠᠬᠤᠢ ᠶᠢᠨ ᠨᠡᠮᠡᠭᠳᠡᠯ ᠢ ᠵᠡᠷᠭᠡᠪᠡᠷ ᠠᠬᠢᠭᠤᠯᠤᠨ᠎ᠠ᠃ | | ᠡᠳᠡᠭᠡᠷ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠤᠷᠠᠬᠢ ᠨᠠᠶᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠨ᠎ᠠ᠃ | | ︵ᠨᠢᠭᠡ︶ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠢ ᠶᠢᠨ | ᠡᠵᠡᠩᠨᠡᠯᠲᠡ ᠶᠢᠨ ᠰᠢᠨ᠎ᠡ ᠬᠥᠳᠡᠯᠭᠡᠬᠦ ᠬᠦᠴᠦᠨ ᠢ ᠡᠷᠴᠢᠮᠵᠢᠭᠦᠯᠦᠨ᠎ᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ︽ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ︾ ᠪᠣᠯᠭᠠᠬᠤ ᠶᠢ | ᠪᠠᠷᠢᠮᠲᠠᠯᠠᠵᠤ᠂ ︽ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ︾ ᠢᠨᠵᠧᠨᠧᠷᠢᠩ ᠢ ᠡᠷᠴᠢᠮᠲᠠᠢ ᠬᠡᠷᠡᠭᠵᠢᠭᠦᠯᠵᠦ᠂ ᠠᠵᠠ | ᠲᠣᠬᠢᠶᠠᠯ ᠢ ᠵᠠᠪᠳᠤᠨ᠂ ᠰᠤᠳᠤᠯᠭᠠᠨ ᠢ ᠭᠦᠨᠵᠡᠭᠡᠶᠢᠷᠡᠭᠦᠯᠵᠦ᠂ ᠨᠠᠶᠢᠳᠠᠪᠤᠷᠢᠵᠢᠭᠤᠯᠤᠯᠳᠠ ᠶᠢ ᠨᠠᠷᠢᠯᠢᠭᠵᠢᠭᠤᠯᠤᠨ᠂ ᠲᠥᠷᠥ | ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠭᠦᠶᠴᠡᠳ ᠠᠰᠢᠭᠯᠠᠵᠤ᠂ ︽ᠲᠠᠪᠤᠨ ᠶᠡᠭᠡ ᠡᠭᠦᠷᠭᠡ︾ ᠳᠤ ᠰᠠᠭᠤᠷᠢᠯᠠᠨ᠂ | ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠣᠨᠣᠪᠴᠢᠲᠠᠶ ᠡᠵᠡᠮᠳᠡᠨ᠂ ︽ᠢᠯᠡᠭᠦᠭᠡᠨ ᠡᠷᠡᠮᠡᠯᠵᠡᠯᠡᠬᠦ᠂ ᠡᠷᠴᠢᠮᠳᠠᠢ | ᠨᠠᠶᠢᠳᠠᠪᠤᠷᠢᠵᠢᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ︾ ᠶᠢ ᠦᠨᠡᠨᠬᠦ ᠪᠡᠶᠡᠯᠡᠭᠦᠯᠦᠨ᠎ᠡ᠃ ᠠᠶᠢᠮᠠᠭ ᠤᠨ ᠲᠡᠰ ᠤᠨ | 11 ᠭᠤᠣᠯᠳᠠᠯᠭᠠᠲᠤ ᠲᠥᠷᠥᠯ ᠵᠦᠢᠯ᠂ ᠬᠤᠰᠢᠭᠤ ᠲᠡᠰ ᠤᠨ 31 ᠭᠤᠣᠯᠳᠠᠯᠭᠠᠲᠤ ᠲᠥᠷᠥᠯ ᠵᠦᠢᠯ ᠢ ᠰᠠᠶᠢᠲᠤᠷ | ᠠᠳᠬᠤᠵᠤ᠂ ᠭᠤᠣᠯᠳᠠᠯᠭᠠᠲᠤ ᠲᠥᠷᠥᠯ ᠵᠦᠢᠯ ᠤᠨ ᠭᠠᠷᠳᠠᠮ ᠢ ︽ᠪᠦᠬᠦᠨ ᠢ ᠭᠦᠢᠴᠡᠳᠬᠡᠬᠦ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠲᠥᠯᠥᠪᠯᠡᠭᠡ ᠱᠠᠭᠠᠷᠳᠠᠯᠭ᠎ᠠ ᠶᠤᠰᠤᠭᠠᠷ ᠬᠡᠷᠡᠭᠵᠢᠭᠦᠯᠵᠦ᠂ 4 ᠰᠠᠷ᠎ᠠ ᠶᠢᠨ 15 ᠤ ᠡᠳᠦᠷ | ᠠᠴᠠ ᠡᠮᠦᠨ᠎ᠡ ᠪᠦᠬᠦᠶᠢᠯᠡ ᠭᠠᠷᠳᠠᠮ ᠢ ᠭᠦᠢᠴᠡᠳᠬᠡᠨ ᠪᠠᠷᠢᠯᠭ᠎ᠠ ᠡᠬᠢᠯᠡᠭᠦᠯᠬᠦ ᠶᠢ ᠪᠠᠳᠤᠯᠠᠵᠤ᠂ ᠵᠢᠯ ᠤᠨ ᠳᠣᠲᠣᠷ᠎ᠠ 31.7 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠲᠥᠷᠥᠯ ᠵᠦᠢᠯ ᠤᠨ | ᠲᠥᠯᠦᠪᠵᠢᠬᠦᠯᠭᠡ ᠣᠨᠣᠪᠴᠢᠲᠠᠢ ᠡᠰᠡᠬᠦ᠂ ᠲᠥᠷᠥᠯ ᠵᠦᠢᠯ ᠤᠨ ᠲᠤᠯᠭᠠᠭᠤᠷᠢᠯᠠᠯ ᠴᠢᠩᠭ᠎ᠠ ᠡᠰᠡᠬᠦ᠂ ᠲᠥᠷᠥᠯ ᠵᠦᠢᠯ ᠤᠨ | ᠬᠡᠷᠡᠭᠵᠢᠭᠦᠯᠦᠯᠲᠡ ᠡᠷᠴᠢᠮᠳᠠᠢ ᠡᠰᠡᠬᠦ᠂ ᠲᠥᠷᠥᠯ ᠵᠦᠢᠯ ᠤᠨ ᠦᠢᠯᠡᠴᠢᠯᠡᠭᠡ ᠰᠠᠶᠢᠨ ᠡᠰᠡᠬᠦ︾ ᠵᠡᠷᠭᠡ ︽ᠲᠠᠪᠤᠨ ᠠᠰᠠᠭᠤᠯᠲᠠ | ︾ ᠶᠢᠨ ᠲᠣᠭᠤᠷᠢᠨ ᠳᠤ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦᠨ ᠤ 14 ᠲᠥᠷᠥᠯ ᠵᠦᠢᠯ᠂ ᠥᠪᠡᠷᠲᠡᠭᠡᠨ | ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠮᠥᠩᠭᠦᠨ ᠤ 3 ᠲᠥᠷᠥᠯ ᠵᠦᠢᠯ ᠵᠢᠴᠢ ᠠᠶᠢᠮᠠᠭ ᠤᠨ ᠲᠡᠰ ᠢᠶᠠᠷ | ᠵᠥᠪᠰᠢᠶᠡᠷᠡᠭᠳᠡᠭᠰᠡᠨ ᠤᠯᠤᠰ ᠤᠨ ᠵᠢᠭᠡᠯᠡᠯᠭᠡ ᠶᠢᠨ 11 ᠲᠥᠷᠥᠯ ᠵᠦᠢᠯ ᠢ ᠡᠷᠡᠮᠡᠯᠵᠡᠯᠡᠨ ᠮᠡᠳᠡᠭᠦᠯᠬᠦ ᠶᠢ ᠪᠠᠲᠤᠯᠠᠵᠤ᠂ ᠨᠠᠩ | ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠲᠡᠰ ᠤᠨ ︽ᠬᠡᠪᠴᠢᠶ᠎ᠡ︾ ᠳᠤ ᠣᠷᠣᠭᠤᠯᠬᠤ | ᠪᠠᠷ ᠴᠢᠷᠮᠠᠶᠢᠨ᠎ᠠ᠃ 5000 ᠲᠦᠮᠡᠨ ᠲᠥᠭᠦᠷᠢᠭ ᠠᠴᠠ ᠳᠡᠭᠡᠭᠰᠢᠬᠢ 18 ᠨᠥᠭᠡᠴᠡ ᠲᠥᠷᠥᠯ ᠵᠦᠢᠯ ᠢ ᠡᠷᠴᠢᠮᠲᠠᠢ | ᠰᠠᠶᠢᠲᠤᠷ ᠠᠳᠬᠤᠵᠤ᠂ ᠲᠥᠷᠥᠯ ᠵᠦᠢᠯ ᠤᠨ ᠪᠣᠯᠤᠮᠵᠢᠲᠤ ᠴᠢᠨᠠᠷ᠂ ᠭᠠᠷᠳᠠᠮ ᠭᠦᠢᠴᠡᠳᠬᠡᠵᠦ ᠪᠠᠶᠢᠭ᠎ᠠ ᠪᠠᠶᠢᠳᠠᠯ ᠳᠤ | ᠴᠢᠭᠯᠡᠭᠦᠯᠦᠨ᠂ ᠲᠥᠷᠥᠯ ᠬᠤᠪᠢᠶᠠᠨ ᠵᠢᠭᠰᠠᠭᠠᠵᠤ᠂ ᠨᠠᠷᠢᠯᠢᠭ ᠣᠨᠣᠪᠴᠢᠲᠠᠶ ᠪᠠᠷ ᠲᠦᠯᠬᠢᠨ ᠠᠬᠢᠭᠤᠯᠵᠤ᠂ ᠲᠥᠷᠥᠯ ᠵᠦᠢᠯ | ᠤᠨ ᠶᠠᠰᠤ ᠴᠢᠨᠠᠷ ᠪᠣᠯᠤᠨ ᠪᠣᠯᠪᠠᠰᠤᠷᠠᠩᠭᠤᠶ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ ᠪᠦᠯᠦᠭ ᠢ ᠨᠥᠭᠡᠴᠡᠯᠡᠬᠦ᠂ ᠨᠢᠭᠡ | ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ ᠪᠦᠳᠦᠴᠠ ᠶᠢ ᠠᠬᠢᠭᠤᠯᠤᠨ᠎ᠠ᠃ | | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠡᠷᠢᠬᠦᠨ ᠴᠢᠬᠤᠯᠠ ᠠᠵᠢᠯ ᠪᠣᠯᠭᠠᠨ ᠠᠳᠬᠤᠬᠤ ᠶᠢ ᠪᠠᠷᠢᠮᠳᠠᠯᠠᠨ᠎ᠠ᠃ | ᠪᠦᠬᠦ ᠬᠤᠰᠢᠭᠤᠨ ᠤ ᠪᠡᠯᠡ ᠣᠷᠣᠭᠤᠯᠵᠤ ᠦᠶᠯᠡᠰ ᠪᠣᠰᠬᠠᠬᠤ ᠳᠠᠪᠠᠭᠤᠯᠢᠭ ᠲᠤ ᠲᠦᠰᠢᠭᠯᠡᠨ᠂ ︽ᠪᠣᠬᠢᠷᠲᠤᠯ ᠦᠭᠡᠢ | ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠠᠵᠤ ᠦᠢᠯᠡᠳᠪᠦᠷᠢ + ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ᠂ | ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠣᠯᠪᠠᠰᠣᠷᠠᠭᠤᠯᠣᠯᠲᠠ᠂ ᠰᠣᠶᠣᠯ ᠵᠢᠭᠤᠯᠴᠢᠯᠠᠯ᠂ | ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ + ᠡᠷᠡᠭᠦᠯ ᠮᠡᠨᠳᠦ ᠶᠢᠨ ᠰᠤᠪᠢᠯᠠᠯᠲᠠ︾ ᠵᠡᠷᠭᠡ 5 ᠰᠢᠵᠢᠮ ᠢᠶᠠᠷ | ᠠᠴᠢᠶᠠᠯᠠᠪᠤᠷᠢ ᠪᠣᠯᠭᠠᠵᠤ᠂ ᠤᠷᠮᠠᠰᠢᠭᠤᠯᠤᠯ ᠵᠣᠷᠢᠭᠵᠢᠭᠤᠯᠤᠯ ᠢ ᠪᠦᠷᠢᠨ ᠪᠠᠳᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠵᠦ᠂ ᠠᠵᠤ ᠦᠢᠯᠡᠰ ᠤᠨ ᠬᠡᠯᠬᠢᠶᠡᠵᠢᠯ ᠤᠨ ᠬᠠᠷᠠᠯᠲᠠ | ᠲᠠᠢ᠂ ᠪᠦᠳᠦᠮᠵᠢᠲᠡᠢ ᠪᠠᠶᠢᠬᠤ ᠶᠢ ᠪᠡᠶᠡᠯᠡᠬᠦᠯᠵᠦ᠂ ᠠᠷᠠᠯᠵᠢᠶᠠᠴᠢᠨ ᠤᠷᠢᠵᠤ ᠪᠡᠯᠡ ᠳᠠᠲᠠᠨ᠂ ᠮᠠᠨ ᠤ ᠬᠤᠰᠢᠭᠤᠨ ᠤ | ᠴᠢᠨᠠᠷᠯᠢᠭ ᠬᠦᠭᠵᠢᠯᠲᠡ ᠳᠤ ᠪᠠᠲᠤ ᠴᠢᠩᠭ᠎ᠠ ᠰᠠᠭᠤᠷᠢ ᠲᠠᠯᠪᠢᠨ᠎ᠠ᠃ ᠬᠤᠸᠠ ᠳ᠋ᠢᠶᠠᠨ ᠰᠢᠨ᠎ᠡ ᠡᠨᠧᠷᠭᠢ ᠶᠢᠨ ᠺᠣᠮᠫᠠᠨᠢ᠂ | ᠵᠢᠶᠠᠩᠰᠦ ᠶᠢᠨ ᠾᠦᠢ ᠳ᠋ᠢᠶᠠᠨ ᠴᠠᠬᠢᠯᠭᠠᠨ ᠡᠨᠧᠷᠭᠢ ᠶᠢᠨ ᠺᠣᠮᠫᠠᠨᠢ᠂ ᠰᠢ ᠠᠨ ᠤ ᠯᠦᠩ ᠪᠢᠨ ᠯᠢ ᠴᠢᠶᠠᠩ ᠠᠵᠤ ᠠᠬᠤᠶᠢᠯᠠᠯ | ᠂ ᠢ ᠺᠤᠸᠠᠢ ᠵᠠᠮ ᠬᠠᠷᠢᠯᠴᠠᠭ᠎ᠠ ᠭᠦᠢᠯᠭᠡᠭᠡᠨ ᠤ ᠺᠣᠮᠫᠠᠨᠢ ᠵᠣᠤ ᠳ᠋ᠦᠩ ᠶᠢ ᠪᠠᠢ ᠺᠣᠮᠫᠠᠨᠢ ᠵᠡᠷᠭᠡ ᠠᠵᠤ ᠠᠬᠤᠶᠢᠯᠠᠯ ᠲᠠᠢ | ᠦᠷᠭᠦᠯᠵᠢᠯᠡᠨ ᠬᠠᠷᠢᠴᠠᠵᠤ᠂ ᠭᠡᠷ᠎ᠡ ᠲᠣᠭᠲᠠᠵᠤ ᠠᠵᠢᠯ ᠢᠶᠠᠨ ᠪᠤᠳᠠᠲᠠᠶᠢᠵᠢᠭᠤᠯᠤᠨ᠎ᠠ᠃ ᠰᠢᠨ᠎ᠡ ᠪᠠᠷ ᠭᠡᠷ᠎ᠡ ᠲᠣᠭᠲᠠᠭᠰᠠᠨ | ᠲᠦᠷᠦᠯ ᠵᠦᠢᠯ ᠤᠨ ᠲᠤᠰ ᠵᠢᠯ ᠳᠡᠭᠡᠨ ᠠᠵᠢᠯ ᠡᠬᠢᠯᠡᠬᠦᠯᠬᠦ ᠶᠢ ᠪᠠᠲᠤᠯᠠᠨ᠎ᠠ᠃ ᠵᠦᠩ ᠽᠧ ᠪᠦᠯᠦᠭᠯᠡᠯ ᠯᠦᠭᠡ ᠶᠢᠨ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠵᠢᠢ ᠲᠢᠶᠧ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ | ᠠᠵᠢᠯ ᠡᠬᠢᠯᠡᠬᠦ ᠳᠤ ᠲᠤᠰᠠᠯᠠᠵᠤ᠂ ᠵᠢᠯ ᠤᠨ ᠳᠣᠲᠣᠷ᠎ᠠ 20 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠥᠬᠦ ᠵᠢᠯ ᠳᠤ 2 ᠤᠳᠠᠭ᠎ᠠ ᠲᠤᠰᠬᠠᠶ ᠲᠠᠯᠠᠪᠠᠢ ᠲᠠᠨᠢᠯᠴᠠᠭᠤᠯᠭ᠎ᠠ ᠶᠢᠨ | ᠬᠤᠷᠠᠯ ᠡᠷᠭᠢᠯᠡᠬᠦ ᠪᠠᠷ ᠲᠥᠯᠥᠪᠯᠡᠵᠦ᠂ ᠠᠵᠤ ᠦᠶᠯᠡᠰ ᠤᠨ ᠬᠠᠷᠢᠴᠠᠭ᠎ᠠ ᠬᠤᠯᠪᠣᠭ᠎ᠠ ᠲᠠᠢ ᠬᠠᠮᠲᠤᠷᠠᠯᠴᠠᠭᠠᠨ ᠤ ᠣᠷᠣᠨ ᠵᠠᠶ | ᠥᠷᠭᠡᠨ ᠳᠡᠯᠭᠡᠷ 60 ᠠᠵᠤ ᠠᠬᠤᠶᠢᠯᠠᠯ ︵ᠪᠠᠶᠢᠭᠤᠯᠤᠮᠵᠢ︶ ᠲᠠᠢ ᠬᠤᠷᠢᠭᠠᠳ ᠭᠡᠷ᠎ᠡ ᠲᠣᠭᠲᠠᠨ᠂ 35 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠣᠯᠲᠠ ᠶᠢ ᠳᠠᠲᠠᠨ ᠠᠪᠴᠢᠷᠠᠬᠤ ᠪᠠᠷ ᠴᠢᠷᠮᠠᠶᠢᠨ᠎ᠠ᠃ | | ᠵᠠᠬ᠎ᠠ ᠳᠡᠯᠭᠡᠭᠦᠷ ᠢ ᠪᠤᠵᠠᠭᠠᠶᠢᠷᠠᠭᠤᠯᠬᠤ ᠳᠤ ᠣᠯᠠᠨ ᠲᠠᠯ᠎ᠠ ᠶᠢᠨ ᠳᠡᠮᠵᠢᠯᠭᠡ ᠬᠠᠩᠭᠠᠨ᠎ᠠ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠢᠳᠡᠪᠬᠢᠲᠡᠶ ᠬᠥᠭᠵᠢᠯᠲᠡ ᠳᠤ ᠰᠢᠯᠢᠳᠡᠭ ᠣᠷᠴᠢᠨ ᠨᠥᠬᠦᠴᠡᠯ ᠬᠠᠩᠭᠠᠵᠤ᠂ ᠥᠪᠡᠷᠲᠡᠭᠡᠨ ᠵᠠᠰᠠᠬᠤ | ᠣᠷᠣᠨ ᠠᠴᠠ ᠲᠣᠭᠲᠠᠭᠠᠭᠰᠠᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ | ᠬᠦᠭᠵᠢᠯᠲᠡ ᠶᠢᠨ ᠲᠥᠯᠥᠪᠯᠡᠭᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠬᠤᠪᠢ ᠶᠢᠨ ᠦᠢᠯᠡᠳᠪᠦᠷᠢ ᠡᠵᠡᠩᠨᠡᠯᠲᠡ ᠶᠢᠨ | ᠡᠷᠦᠬᠡ ᠶᠢ ᠠᠵᠤ ᠠᠬᠤᠶᠢᠯᠠᠯ ᠳᠤ ᠰᠢᠯᠵᠢᠬᠦᠯᠬᠦ︾᠂ ︽ᠵᠢᠵᠢᠭ ᠠᠵᠤ ᠠᠬᠤᠶᠢᠯᠠᠯ ᠢ ᠬᠡᠪᠴᠢᠶᠡᠵᠢᠯ ᠠᠵᠤ ᠠᠬᠤᠶᠢᠯᠠᠯ ᠳᠤ | ᠳᠡᠪᠰᠢᠬᠦᠯᠬᠦ︾ ᠶᠢ ᠲᠦᠷᠭᠡᠳᠬᠡᠨ ᠠᠬᠢᠭᠤᠯᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠪᠠᠷᠢᠮᠵᠢᠶ᠎ᠡ ᠶᠢ | ᠳᠡᠭᠡᠭᠰᠢᠯᠡᠭᠦᠯᠦᠨ᠂ ᠲᠤᠰ ᠵᠢᠯ ᠳᠤ 1 ᠠᠵᠤ ᠠᠬᠤᠶᠢᠯᠠᠯ ᠢ ᠪᠥᠷᠢᠳᠭᠡᠯ ᠤᠨ ᠬᠡᠪᠴᠢᠶᠡᠨ ᠳᠠᠬᠢ ᠠᠵᠤ ᠠᠬᠤᠶᠢᠯᠠᠯ ᠳᠤ | ᠣᠷᠤᠭᠤᠯᠬᠤ ᠪᠣᠯᠤᠨ᠎ᠠ᠃ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠠᠬ᠎ᠠ ᠵᠡᠭᠡᠯᠢ᠂ ᠳᠡᠯᠭᠡᠭᠦᠷ ᠬᠤᠳᠠᠯᠳᠤᠭ᠎ᠠ᠂ ᠰᠦᠨᠢ ᠶᠢᠨ | ᠵᠠᠬ᠎ᠠ ᠶᠢ ᠬᠥᠭᠵᠢᠭᠡᠨ᠂ ᠰᠢᠭᠤᠳ ᠨᠡᠪᠲᠡᠷᠡᠭᠦᠯᠭᠡ᠂ ᠰᠦᠯᠵᠢᠶᠡᠨ ᠣᠳᠣᠨ ᠤ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ | ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂600 ᠲᠥᠮᠡᠨ ᠲᠥᠭᠦᠷᠢᠭ ᠤᠨ ᠣᠷᠤᠯᠭ᠎ᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ | ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠳᠡᠮᠵᠢᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ ᠳᠤ | ᠲᠣᠬᠢᠷᠠᠭᠰᠠᠨ ᠳᠡᠮᠵᠢᠯᠭᠡ ᠶᠢᠨ ᠲᠦᠷᠦ ᠶᠢᠨ ᠪᠣᠳᠤᠯᠭ᠎ᠠ ᠶᠢ ᠬᠡᠷᠡᠭᠵᠢᠬᠦᠯᠵᠦ᠂ ᠭᠠᠶᠢᠯᠢ ᠬᠡᠯᠳᠦᠷᠢᠬᠦᠯᠬᠦ᠂ ᠮᠥᠩᠭᠦᠨ | ᠭᠦᠢᠯᠭᠡᠭᠡᠨ ᠤ ᠲᠦᠭᠡᠮᠡᠯ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠰᠡᠷᠭᠦᠭᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ᠂ ᠤᠢ ᠰᠢᠭᠤᠢ ᠶᠢᠨ ᠨᠡᠭᠡᠭᠡᠨ | ᠠᠰᠢᠭᠯᠠᠯᠲᠠ ᠵᠡᠷᠭᠡ ᠴᠣᠭᠴᠠ ᠶᠢᠨ ᠡᠵᠡᠩᠨᠡᠯᠲᠡ ᠶᠢ ᠠᠬᠢᠭᠤᠯᠵᠤ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ | | ︵ᠬᠤᠶᠠᠷ︶ ᠠᠵᠤ ᠦᠢᠯᠡᠰ ᠤᠨ ᠬᠡᠯᠬᠢᠶᠡᠵᠢᠯ ᠢ ᠪᠤᠵᠠᠭᠠᠶᠢᠷᠠᠭᠤᠯᠵᠤ᠂ ᠬᠥᠭᠵᠢᠯᠲᠡ ᠶᠢᠨ ᠨᠥᠭᠡᠴᠡ ᠬᠦᠴᠦᠨ ᠢ | ᠪᠠᠳᠠᠷᠠᠭᠤᠯᠣᠨ᠎ᠠ᠃ | | ᠤᠯᠠᠮᠵᠢᠯᠠᠯᠲᠤ ᠠᠵᠤ ᠦᠢᠯᠡᠰ ᠤᠨ ᠳᠠᠭᠠᠭᠠᠮᠠᠭᠠᠢ ᠬᠦᠭᠵᠢᠯᠲᠡ ᠶᠢ ᠠᠬᠢᠭᠤᠯᠤᠨ᠎ᠠ᠃ ︽ᠬᠡᠮᠵᠢᠶ᠎ᠡ ᠶᠢ ᠨᠡᠮᠡᠭᠳᠡᠭᠦᠯᠵᠦ᠂ | ᠴᠢᠨᠠᠷ ᠢ ᠪᠠᠲᠤᠯᠠᠨ᠂ ᠦᠷ᠎ᠡ ᠪᠦᠳᠦᠮᠵᠢ ᠶᠢ ᠠᠬᠢᠭᠤᠯᠬᠤ︾ ᠪᠠᠷ ᠬᠠᠷᠠᠯᠲᠠ ᠪᠣᠯᠭᠠᠨ᠂ ᠤᠯᠠᠭᠠᠨ ᠢᠳᠡᠭᠡ ᠪᠠ ᠤᠯᠠᠮᠵᠢᠯᠠᠯᠲᠤ | ᠴᠠᠭᠠᠨ ᠢᠳᠡᠭᠡᠨ ᠤ ᠣᠨᠴᠠᠯᠢᠭᠲᠤ ᠠᠵᠤ ᠦᠢᠯᠡᠰ ᠢ ᠤᠯᠠᠮ ᠬᠦᠭᠵᠢᠬᠦᠯᠦᠨ᠎ᠡ᠃ ᠲᠠᠭᠠᠭᠠᠴᠠ ᠠᠴᠠ ᠬᠡᠳᠦᠷᠡᠲᠡᠯ᠎ᠡ | ᠮᠠᠯᠵᠢᠬᠤ ᠶᠢ ᠬᠤᠷᠢᠭᠯᠠᠬᠤ ᠪᠠ ᠬᠠᠰᠢᠶᠠᠯᠠᠨ ᠲᠡᠵᠢᠭᠡᠬᠦ ᠶᠢ ᠳᠡᠮᠵᠢᠬᠦ ᠲᠥᠰᠦᠯ ᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠬᠤᠨᠢ ᠶᠢ ᠴᠦᠭᠡᠴᠢᠯᠡᠵᠦ ᠦᠬᠡᠷ ᠮᠠᠯᠵᠢᠬᠤ︾ ᠠᠵᠢᠯ ᠢ ᠦᠷᠭᠦᠯᠵᠢᠯᠡᠨ ᠠᠬᠢᠭᠤᠯᠵᠤ᠂ 8 | ᠲᠥᠮᠡᠨ ᠲᠣᠯᠤᠭᠠᠢ ᠦᠬᠡᠷ ᠢ ᠲᠡᠵᠢᠭᠡᠨ ᠪᠣᠷᠳᠤᠵᠤ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ | ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ 5 ᠰᠠᠭᠤᠷᠢ ᠮᠢᠬᠠᠨ ᠤ ᠦᠬᠡᠷ ᠲᠡᠵᠢᠭᠡᠨ ᠪᠣᠷᠳᠤᠬᠤ ᠰᠠᠭᠤᠷᠢᠨ ᠢ | ᠪᠠᠶᠢᠭᠤᠯᠤᠨ᠎ᠠ᠃ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠤᠨ᠂ ᠠᠶᠢᠮᠠᠭ ᠤᠨ ᠲᠡᠰ ᠤᠨ 3 ᠭᠤᠣᠯᠳᠠᠯᠭᠠᠲᠤ | ᠰᠦᠷᠦᠭ ᠢ ᠰᠢᠨ᠎ᠡ ᠪᠠᠷ ᠲᠣᠭᠲᠠᠭᠠᠵᠤ᠂ 15.9 ᠲᠦᠮᠡᠨ ᠲᠣᠯᠣᠭᠠᠢ ᠰᠠᠶᠢᠨ ᠡᠭᠦᠯᠲᠡᠷ ᠤᠨ ᠮᠢᠬᠠᠨ ᠤ ᠦᠬᠡᠷ ᠢ | ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ | ᠤᠨ ᠬᠦᠷᠢᠶᠡᠯᠡᠩ ᠪᠠ ᠲᠠᠷᠢᠶᠠᠯᠠᠬᠤ ᠣᠷᠣᠨ ᠳᠤ ᠬᠠᠰᠢᠶᠠᠯᠠᠨ ᠲᠡᠵᠢᠭᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ | ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠠᠵᠤ ᠠᠬᠤᠶᠢᠯᠠᠯ ᠢ ᠤᠷᠢᠨ᠂ ᠠᠵᠤ ᠦᠢᠯᠡᠰ ᠤᠨ ᠬᠡᠯᠬᠢᠶᠡᠵᠢᠯ ᠢ | ᠤᠷᠳᠤᠳᠬᠠᠨ ᠨᠠᠷᠢᠯᠢᠭᠵᠢᠭᠤᠯᠵᠤ᠂ ᠵᠢᠯ ᠳᠤ ᠲᠥᠮᠡᠨ ᠲᠣᠯᠤᠭᠠᠢ ᠦᠬᠡᠷ ᠨᠢᠳᠦᠯᠵᠦ ᠪᠣᠷᠤᠯᠠᠭᠤᠯᠤᠨ᠎ᠠ᠃ ︽ᠵᠠᠰᠠᠭ ᠤᠨ | ᠣᠷᠳᠣᠨ + ᠳᠠᠭᠠᠳᠬᠠᠯ ᠤᠨ ᠺᠣᠮᠫᠠᠨᠢ + ᠮᠠᠯᠴᠢᠨ ᠡᠷᠦᠬᠡ︾ ᠬᠠᠮᠲᠤᠷᠠᠭᠰᠠᠨ ᠵᠠᠭᠪᠤᠷ ᠢ ᠡᠭᠦᠰᠭᠡᠨ᠂ 5000 ᠲᠣᠯᠣᠭᠠᠶ | ᠮᠢᠬᠠᠨ ᠤ ᠦᠬᠡᠷ ᠲᠤ ᠳᠠᠭᠠᠳᠬᠠᠯ ᠣᠷᠣᠭᠤᠯᠣᠨ᠂ ᠮᠢᠬᠠᠨ ᠤ ᠦᠬᠡᠷ ᠮᠠᠯᠵᠢᠵᠤ ᠪᠠᠶᠢᠭ᠎ᠠ ᠡᠷᠦᠬᠡ ᠶᠢᠨ ᠰᠦᠢᠳᠦᠯ ᠢ ᠠᠯᠢ | ᠴᠢᠳᠠᠬᠤ ᠪᠠᠷ ᠪᠠᠭᠠᠰᠬᠠᠨ᠎ᠠ᠃ ᠰᠦ ᠰᠠᠭᠠᠯᠢ ᠶᠢᠨ ᠦᠶᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ | ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ ᠤᠨ ᠥᠭᠡᠷᠡᠴᠢᠯᠡᠯᠲᠡ ᠪᠠ ᠳᠤᠮᠳᠠ ᠪᠠᠭ᠎ᠠ ᠮᠠᠯᠵᠢᠯ ᠤᠨ ᠲᠠᠯᠠᠪᠠᠶ ᠶᠢᠨ | ᠲᠠᠰ ᠳᠡᠪᠰᠢᠬᠦ ᠶᠢ ᠠᠬᠢᠭᠤᠯᠵᠤ᠂ 5.5 ᠲᠥᠮᠡᠨ ᠲᠣᠯᠤᠭᠠᠢ ᠰᠠᠭᠠᠯᠢ ᠶᠢᠨ ᠦᠨᠢᠶ᠎ᠡ ᠮᠠᠯᠵᠢᠵᠤ᠂ ᠡᠳᠦᠷ ᠤᠨ ᠰᠦᠨ ᠤ | ᠭᠠᠷᠤᠯᠲᠠ ᠶᠢ 10 ᠲᠦᠮᠡᠨ ᠲᠣᠨ ᠳᠤ ᠬᠦᠷᠭᠡᠨ᠎ᠡ᠃ ︽ᠲᠢᠶᠠᠨ ᠶᠤᠸᠠᠨ︾ ᠰᠠᠭᠠᠯᠢ ᠶᠢᠨ ᠦᠨᠢᠶ᠎ᠡ ᠮᠠᠯᠵᠢᠬᠤ ᠲᠥᠷᠥᠯ | ᠵᠦᠢᠯ ᠪᠠ ᠲᠤᠰ ᠲᠦᠷᠦᠯ ᠵᠦᠢᠯ ᠳᠤ ᠴᠢᠭᠯᠡᠭᠦᠯᠦᠭᠰᠡᠨ ᠵᠠᠮ ᠱᠣᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ | ᠴᠠᠩ ᠬᠤᠩ︾ ᠰᠦ ᠶᠢᠨ ᠡᠭᠡᠳᠡᠩ ᠢ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ︽ᠰᠢᠯᠢ ᠶᠢᠨ ᠭᠤᠤᠯ ᠤᠨ ᠪᠢᠰᠢᠯᠠᠭ︾ ᠬᠡᠮᠡᠬᠦ ᠨᠠᠷᠠᠲᠤ ᠲᠡᠮᠳᠡᠭᠲᠦ ᠶᠢ ᠪᠦᠳᠦᠮᠵᠢᠲᠡᠢ ᠠᠰᠢᠭᠯᠠᠵᠤ᠂ ᠴᠠᠭᠠᠨ | ᠢᠳᠡᠭᠡᠨ ᠤ ᠠᠵᠤ ᠦᠶᠯᠡᠰ ᠤᠨ ᠲᠥᠪᠯᠡᠷᠡᠩᠭᠦᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ | ᠣᠨᠴᠠᠯᠢᠭᠲᠤ ᠴᠠᠭᠠᠨ ᠢᠳᠡᠭᠡᠨ ᠤ ᠨᠠᠷᠠᠲᠤ ᠲᠡᠮᠳᠡᠭ ᠢ ᠲᠥᠭᠡᠮᠡᠯᠵᠢᠬᠦᠯᠬᠦ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ | ᠶᠢᠨ ᠡᠷᠴᠢᠮ ᠢ ᠴᠢᠩᠭᠠᠳᠬᠠᠨ᠂ ᠴᠠᠭᠠᠨ ᠢᠳᠡᠭᠡᠨ ᠤ ᠪᠠᠶᠢᠴᠠᠭᠠᠨ ᠰᠢᠯᠭᠠᠬᠤ ᠲᠥᠪ᠂ ᠮᠥᠷᠳᠡᠨ ᠬᠢᠨᠠᠬᠤ ᠲᠠᠪᠴᠠᠩ ᠤᠨ | ᠦᠶᠯᠡᠳᠦᠯ ᠢ ᠰᠠᠶᠢᠲᠤᠷ ᠪᠠᠳᠠᠷᠠᠭᠤᠯᠵᠤ᠂ ︽ᠰᠢᠯᠤᠭᠤᠨ ᠬᠥᠬᠡ ᠶᠢᠨ ᠠᠮᠲᠠ︾ ᠭᠡᠰᠡᠨ ᠨᠠᠷᠠᠲᠤ ᠲᠡᠮᠳᠡᠭᠲᠦ ᠶᠢᠨ | ᠲᠠᠨᠢᠯᠴᠠᠭᠤᠯᠭ᠎ᠠ ᠶᠢ ᠰᠠᠶᠢᠲᠤᠷ ᠬᠢᠵᠦ᠂ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠨᠡᠷ᠎ᠡ ᠨᠥᠯᠦᠭᠡ ᠶᠢ | ᠦᠷᠭᠦᠯᠵᠢᠯᠡᠨ ᠬᠠᠮᠠᠭᠠᠯᠠᠵᠤ ᠤᠬᠠᠭᠤᠯᠤᠨ᠎ᠠ᠃ ᠲᠠᠷᠢᠶᠠᠨ ᠭᠠᠵᠠᠷ ᠢ ︽ᠲᠠᠷᠢᠶᠠᠯᠠᠩ ᠳᠤ ᠬᠡᠷᠡᠭᠯᠡᠬᠦ ᠦᠭᠡᠢ︾᠂ ︽ᠠᠮᠤ | ᠪᠤᠳᠠᠭᠠᠨ ᠤ ᠲᠠᠷᠢᠮᠠᠯ ᠳᠤ ᠬᠡᠷᠡᠭᠯᠡᠬᠦ ᠦᠭᠡᠢ︾ ᠪᠠᠶᠢᠭ᠎ᠠ ᠦᠵᠡᠭᠳᠡᠯ ᠳᠤ ᠴᠢᠩᠭ᠎ᠠ ᠴᠣᠬᠢᠯᠲᠠ ᠥᠭᠴᠦ᠂ 1.78 ᠲᠥᠮᠡᠨ ᠮᠦ | ᠥᠨᠳᠦᠷ ᠤᠨᠠᠯᠳᠠᠲᠤ ᠲᠠᠷᠢᠶᠠᠨ ᠭᠠᠵᠠᠷ ᠢ ᠪᠠᠶᠢᠭᠤᠯᠤᠨ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 20 ᠲᠦᠮᠡᠨ ᠮᠥ ᠳᠤ | ᠲᠣᠭᠲᠠᠪᠤᠷᠢᠵᠢᠭᠤᠯᠤᠨ᠎ᠠ᠃ ᠣᠶᠣᠨᠳᠣ ᠡᠪᠡᠰᠦᠨ ᠤ ᠦᠢᠯᠡᠰ ᠤᠨ ᠬᠦᠷᠢᠶᠡᠯᠡᠩ ᠤᠨ ᠲᠤᠬᠢᠷᠠᠭᠤᠯᠤᠨ ᠬᠦᠷᠭᠡᠬᠦ ᠰᠠᠭᠤᠷᠢᠨ | ᠭᠠᠵᠠᠷ ᠤᠨ ᠲᠣᠭᠲᠠᠭᠤᠨ ᠢᠶᠠᠷ ᠡᠵᠡᠩᠨᠡᠬᠦ ᠶᠢ ᠠᠬᠢᠭᠤᠯᠤᠨ᠎ᠠ᠃ ᠠᠯᠳᠠᠩᠬᠤᠸ᠎ᠠ ᠴᠡᠴᠡᠭ ᠢ ᠬᠠᠮᠠᠭᠠᠯᠠᠨ ᠪᠣᠶᠢᠵᠢᠭᠤᠯᠬᠤ ᠵᠢᠴᠢ | ᠲᠠᠸᠠᠷᠴᠢᠯᠠᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 1.67 ᠲᠥᠮᠡᠨ ᠮᠦ ᠬᠡᠭᠡᠷ᠎ᠡ ᠶᠢᠨ ᠠᠯᠳᠠᠩᠬᠤᠸ᠎ᠠ | ᠴᠡᠴᠡᠭ ᠤᠨ ᠤᠷᠭᠤᠯᠲᠠ ᠶᠢᠨ ᠣᠷᠣᠨ ᠢ ᠪᠢᠲᠡᠭᠦᠮᠵᠢᠯᠡᠵᠦ᠂ 2000 ᠮᠦ ᠲᠠᠯᠠᠪᠠᠢ ᠳᠤ ᠬᠥᠮᠦᠨ ᠤ ᠬᠦᠴᠦ ᠪᠠᠷ | ᠠᠯᠳᠠᠩᠬᠤᠸ᠎ᠠ ᠴᠡᠴᠡᠭ ᠳᠠᠷᠢᠵᠤ᠂ ᠠᠯᠳᠠᠩᠬᠤᠸ᠎ᠠ ᠴᠡᠴᠡᠭ ᠤᠨ ᠵᠢᠭᠤᠯᠴᠢᠯᠠᠯ᠂ ᠲᠠᠸᠠᠷᠴᠢᠯᠠᠯᠲᠠ ᠶᠢᠨ ᠠᠵᠤ ᠦᠶᠯᠡᠰ ᠤᠨ | ᠬᠡᠯᠬᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠦᠨ᠎ᠡ᠃ | | ᠲᠣᠯᠭᠠᠭᠤᠷᠢ ᠠᠵᠤ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠎ᠡ᠃ ᠱᠠᠩᠳᠤ ᠴᠠᠬᠢᠯᠭᠠᠨ ᠭᠠᠷᠭᠠᠬᠤ ᠦᠶᠯᠡᠳᠪᠦᠷᠢ | ᠶᠢᠨ ᠴᠠᠬᠢᠯᠭᠠᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ ᠤᠯᠠᠮ ᠢᠯᠡᠭᠦᠦ | ᠡᠷᠡᠮᠡᠯᠵᠡᠯᠡᠨ ᠣᠯᠵᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢ ᠪᠠᠲᠤᠯᠠᠬᠤ ᠳᠤ ᠦᠶᠯᠡᠴᠢᠯᠡᠭᠡ | ᠬᠠᠩᠭᠠᠵᠤ᠂ ᠪᠥᠬᠦ ᠵᠢᠯ ᠤᠨ ᠢᠯᠴᠢ ᠶᠢᠨ ᠴᠠᠬᠢᠯᠭᠠᠨ ᠤ ᠬᠡᠮᠵᠢᠶ᠎ᠡ 145 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠬᠡᠪᠴᠢᠶᠡᠵᠢᠯ ᠠᠴᠠ ᠳᠡᠭᠡᠭᠰᠢᠬᠢ 9 ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ 56 | ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠤᠨ᠎ᠠ᠃ ︽ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠦᠬᠦ ᠠᠶᠢᠮᠠᠭ ᠤᠨ ︽ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠳᠡᠮᠵᠢᠬᠦ ᠲᠦᠷ ᠬᠡᠷᠡᠭᠵᠢᠭᠦᠯᠬᠦ ᠠᠷᠭ᠎ᠠ︾ ᠶᠢ | ᠬᠢᠨᠠᠮᠠᠭᠠᠢ ᠰᠤᠳᠤᠯᠤᠨ ᠨᠠᠶᠢᠳᠠᠪᠣᠷᠢᠵᠢᠭᠤᠯᠵᠤ᠂ ᠳᠡᠮᠵᠢᠬᠦ ᠬᠦᠷᠢᠶ᠎ᠡ ᠬᠡᠪᠴᠢᠶᠡᠨ ᠳᠤ ᠵᠣᠬᠢᠴᠠᠭᠰᠠᠨ ᠠᠵᠤ ᠠᠬᠤᠶᠢᠯᠠᠯ ᠳᠤ | ᠬᠠᠪᠰᠤᠷᠤᠨ ᠦᠢᠯᠡᠳᠭᠦᠨ ᠤ ᠥᠷᠳᠡᠭ ᠢ ᠨᠡᠮᠡᠭᠳᠡᠭᠦᠯᠵᠦ᠂ ᠬᠤᠣᠰ ᠠᠰᠢᠭ ᠬᠦᠷᠲᠡᠬᠦ ᠪᠠᠷ ᠴᠢᠷᠮᠠᠶᠢᠨ᠎ᠠ᠃ ᠶᠦᠨ ᠳ᠋ᠠ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠠᠰᠢᠭᠯᠠᠯᠲᠠ ᠳᠤ ᠣᠷᠣᠵᠤ ᠦᠷ᠎ᠡ ᠠᠰᠢᠭ ᠣᠯᠬᠤ | ᠶᠢ ᠠᠬᠢᠭᠤᠯᠵᠤ᠂ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠲᠠᠬᠢᠨ ᠠᠰᠢᠭᠯᠠᠬᠤ ᠲᠥᠷᠥᠯ ᠵᠦᠢᠯ ᠤᠨ ᠠᠵᠢᠯ | ᠡᠬᠢᠯᠡᠬᠦᠯᠬᠦ ᠶᠢ ᠠᠬᠢᠭᠤᠯᠤᠨ᠎ᠠ᠃ ᠮᠠ ᠶᠠ ᠱᠠᠨ ᠠᠭᠤᠷᠬᠠᠢ ᠶᠢᠨ ᠦᠢᠯᠡᠰ᠂ ᠾᠦᠢ ᠯᠢ ᠳ᠋ᠦᠸᠧ ᠢᠳᠡᠭᠡᠨ ᠤ ᠦᠢᠯᠡᠰ᠂ | ᠵᠦᠩ ᠭᠠᠩ ᠠᠭᠤᠷᠬᠠᠢ ᠶᠢᠨ ᠦᠢᠯᠡᠰ ᠤᠨ ᠲᠣᠭᠲᠠᠭᠤᠨ ᠡᠵᠡᠩᠨᠡᠯᠲᠡ ᠶᠢ ᠪᠠᠲᠤᠯᠠᠵᠤ᠂ ᠦᠢᠯᠡᠳᠬᠦᠨ ᠤ ᠥᠷᠲᠡᠭ ᠢ 4 | ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠮᠣᠩᠭᠤᠯ ᠭᠡᠷ ᠤᠨ ᠠᠵᠤ ᠦᠢᠯᠡᠰ ᠤᠨ ᠬᠦᠷᠢᠶᠡᠯᠡᠩ ᠳᠤ ᠠᠵᠤ ᠠᠬᠤᠶᠢᠯᠠᠯ | ᠣᠷᠣᠭᠤᠯᠬᠤ ᠶᠢ ᠠᠬᠢᠭᠤᠯᠵᠤ᠂ ᠮᠣᠩᠭᠤᠯ ᠭᠡᠷ ᠤᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠹᠦ᠋ ᠶᠠᠩ | ᠵᠤᠭᠠᠩ ᠤᠨ ᠠᠵᠤ ᠦᠢᠯᠡᠰ ᠤᠨ ᠠᠰᠢᠭᠯᠠᠯᠲᠠ ᠳᠤ ᠣᠷᠤᠵᠤ ᠦᠷ᠎ᠡ ᠠᠰᠢᠭ ᠤᠯᠬᠤ ᠶᠢ ᠳᠡᠮᠵᠢᠵᠦ᠂ ᠨᠤᠨᠲᠠᠭ ᠨᠡᠭᠦᠷᠡᠰᠦᠨ | ᠦᠨᠡᠰᠦ ᠪᠠ ᠬᠦᠬᠦᠷ ᠥᠬᠡᠶᠢᠳᠡᠭᠦᠯᠦᠭᠰᠡᠨ ᠵᠤᠭᠠᠩ ᠢ ᠭᠠᠳᠠᠭᠰᠢ ᠪᠣᠷᠣᠯᠠᠭᠤᠯᠬᠤ ᠶᠢ ᠠᠬᠢᠭᠤᠯᠵᠤ᠂ ᠱᠠᠨ ᠵᠢᠶᠠᠩ ᠵᠢᠶᠦ᠋ᠨ | ᠾᠧ ᠰᠢᠨ᠎ᠡ ᠮᠠᠲ᠋ᠧᠷᠢᠶᠠᠯ᠂ ᠶᠢᠨ ᠢᠦᠢ ᠱᠦᠶᠨᠢ ᠶᠢᠨ ᠦᠢᠯᠡᠳᠪᠦᠷᠢ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠬᠤ ᠡᠷᠴᠢᠮ | ᠢᠶᠠᠨ ᠴᠢᠩᠭᠠᠳᠬᠠᠵᠤ᠂ ᠭᠡᠷ᠎ᠡ ᠲᠣᠭᠲᠠᠭᠰᠠᠨ ᠲᠥᠷᠥᠯ ᠵᠦᠶᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ ᠠᠵᠤ | ᠦᠶᠯᠡᠳᠪᠦᠷᠢ ᠶᠢᠨ ᠠᠵᠤ ᠠᠬᠤᠶᠢᠯᠠᠯ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠳᠤ ᠲᠣᠯᠭᠠᠷᠠᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠵᠢᠯ ᠤᠨ ᠳᠣᠲᠣᠷ᠎ᠠ ᠬᠦᠷᠢᠶᠡᠯᠡᠩ ᠲᠣᠭᠤᠷᠢᠭ ᠤᠨ ᠠᠵᠤ | ᠦᠶᠯᠡᠳᠪᠦᠷᠢ ᠶᠢᠨ ᠦᠢᠯᠡᠳᠬᠦᠨ ᠤ ᠥᠷᠲᠡᠭ ᠢ 60 ᠳ᠋ᠦᠩᠰᠢᠭᠤᠷ ᠲᠥᠭᠦᠷᠢᠭ ᠲᠤ ᠬᠦᠷᠭᠡᠵᠦ᠂ 8 . 3 % ᠪᠠᠷ | ᠨᠡᠮᠡᠭᠳᠡᠭᠦᠯᠦᠨ᠎ᠡ᠃ | | ᠦᠢᠯᠡᠴᠢᠯᠡᠭᠡᠨ ᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ︽ᠶᠤᠸᠠᠨ ᠤ ᠲᠡᠭᠡᠳᠦ ᠨᠡᠶᠢᠰᠯᠡᠯ | ᠤᠨ ᠪᠠᠭᠤᠷᠢ︾᠂ ︽ᠬᠤᠯᠠᠨ ᠰᠢᠷᠭ᠎ᠠ ᠲᠠᠭ᠎ᠠ︾᠂ ︽ᠠᠯᠳᠠᠩᠬᠤᠸ᠎ᠠ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ | ᠬᠦᠴᠦᠨ᠂ ᠲᠠᠲᠠᠬᠤ ᠬᠦᠴᠦᠨ ᠢ ᠦᠷᠭᠦᠯᠵᠢᠯᠡᠨ ᠪᠠᠳᠠᠷᠠᠭᠤᠯᠵᠣ᠂ ︽ᠡᠬᠢ ᠪᠠᠶᠠᠯᠢᠭ᠂ ᠦᠢᠯᠡᠴᠢᠯᠡᠭᠡ᠂ ᠵᠢᠭᠤᠯᠴᠢᠳ︾ | ᠵᠡᠷᠭᠡ ᠭᠤᠷᠪᠠᠨ ᠶᠡᠭᠡ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠦᠨ᠂ ᠮᠠᠯᠴᠢᠨ ᠠᠶᠢᠯ ᠵᠣᠭᠠᠴᠠᠯ ᠤᠨ ᠦᠢᠯᠡᠰ ᠤᠨ | ᠦᠷᠭᠦᠯᠵᠢ ᠶᠢᠨ ᠬᠦᠭᠵᠢᠯᠲᠡ ᠪᠠ ᠡᠵᠡᠩᠨᠡᠯᠲᠡ ᠶᠢᠨ ᠠᠷᠭ᠎ᠠ ᠮᠠᠶ᠋ᠢᠭ ᠢ ᠰᠥᠪᠡᠭᠴᠢᠯᠡᠵᠦ᠂ ᠨᠢᠭᠡ ᠴᠣᠭᠴᠠᠵᠢᠭᠰᠠᠨ | ᠵᠢᠭᠤᠯᠴᠢᠯᠠᠯ ᠤᠨ ᠴᠣᠭᠴᠠ ᠶᠢ ᠪᠠᠶᠢᠭᠤᠯᠤᠨ᠎ᠠ᠃ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ | ᠤ ᠰᠠᠭᠤᠷᠢ ᠳᠥᠬᠦᠭᠡᠷᠦᠮᠵᠢ᠂ ᠮᠡᠨᠳᠦ ᠬᠠᠭᠠᠯᠭ᠎ᠠ᠂ ᠲᠥᠪ ᠬᠢᠴᠢᠶᠡᠩᠬᠦᠢ ᠬᠠᠷᠰᠢ ᠶᠢᠨ ᠰᠡᠯᠪᠢᠨ ᠵᠠᠰᠠᠬᠤ ᠬᠠᠮᠠᠭᠠᠯᠠᠯᠲᠠ ᠶᠢᠨ | ᠠᠵᠢᠯ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠢᠨ᠎ᠡ ᠮᠡᠷᠭᠡᠵᠢᠯ ᠢᠶᠠᠷ ᠳᠡᠯᠭᠡᠨ ᠦᠵᠡᠭᠦᠯᠬᠦ ᠵᠡᠷᠭᠡ ᠲᠥᠷᠥᠯ ᠵᠦᠢᠯ ᠢ | ᠲᠦᠷᠭᠡᠳᠬᠡᠨ ᠠᠬᠢᠭᠤᠯᠵᠤ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠰᠠᠶᠢᠲᠤᠷ ᠬᠠᠮᠠᠭᠠᠯᠠᠨ ᠤᠬᠠᠭᠤᠯᠵᠤ᠂ ᠳᠡᠯᠡᠬᠡᠢ | ᠶᠢᠨ ᠰᠣᠶᠣᠯ ᠤᠨ ᠥᠪ ᠲᠠᠬᠢ ︽ᠰᠣᠶᠣᠯ ᠤᠨ ᠠᠯᠲᠠᠨ ᠬᠠᠭᠤᠳᠠᠰᠤ︾ ᠶᠢ ᠪᠢᠴᠢᠭᠯᠡᠨ᠎ᠡ᠃ ᠥᠪᠡᠷᠲᠡᠭᠡᠨ ᠵᠠᠰᠠᠬᠤ ᠣᠷᠣᠨ | ᠤ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ | ᠰᠢᠷ᠎ᠠ ᠲᠠᠯ᠎ᠠ︾ ᠶᠢᠨ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠶᠤᠸᠠᠨ ᠤ | ᠲᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠬᠦᠷᠢᠶᠡᠯᠡᠩ ᠢ ᠡᠷᠡᠮᠡᠯᠵᠡᠯᠡᠨ ᠮᠡᠳᠡᠭᠦᠯᠦᠨ᠎ᠡ᠃ ᠶᠤᠸᠠᠨ ᠤ ᠲᠡᠭᠡᠳᠦ | ᠨᠡᠶᠢᠰᠯᠡᠯ ᠮᠣᠷᠢᠨ ᠬᠦᠷᠢᠶ᠎ᠡ᠂ ︽ᠡᠷᠲᠡᠨ ᠤ ᠬᠤᠲᠠᠳ ᠤᠨ ᠰᠡᠷᠭᠦᠭᠡᠯᠲᠡ︾ ᠵᠡᠷᠭᠡ ᠲᠦᠷᠦᠯ ᠵᠦᠢᠯ ᠤᠳ ᠢ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠣᠨ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠬᠡᠭᠡᠷᠡᠯᠡᠨ ᠭᠦᠶᠦᠭᠴᠢ | ᠮᠠᠰᠢᠨ ᠲᠡᠷᠭᠡᠨ ᠤ ᠤᠷᠤᠯᠳᠤᠭᠠᠨ ᠤ ᠵᠠᠮ ᠤᠨ ᠲᠥᠷᠥᠯ ᠵᠦᠢᠯ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠠᠮᠢ | ᠠᠬᠤᠢ ᠶᠢᠨ ᠰᠣᠳᠣᠯᠭᠠᠨ ᠤ ᠬᠦᠷᠢᠶᠡᠯᠡᠩ ᠵᠡᠷᠭᠡ ᠲᠥᠷᠥᠯ ᠵᠦᠢᠯ ᠢ ᠪᠣᠳᠠᠲᠤ ᠠᠬᠢᠴᠠ ᠲᠠᠢ ᠪᠣᠯᠭᠠᠨ᠎ᠠ᠃ ᠠᠯᠳᠠᠩᠬᠤᠸ᠎ᠠ | ᠴᠡᠴᠡᠭ ᠰᠣᠨᠢᠷᠬᠠᠬᠤ ᠨᠠᠶᠢᠷ᠂ ᠬᠤᠯᠠᠨ ᠰᠢᠷᠭ᠎ᠠ ᠲᠠᠭ᠎ᠠ ᠶᠢᠨ ᠮᠥᠩᠭᠦᠨ ᠡᠪᠦᠯ ᠤᠨ ᠨᠠᠭᠠᠳᠤᠮ ᠵᠡᠷᠭᠡ ᠰᠣᠶᠣᠯ ᠵᠢᠭᠤᠯᠴᠢᠯᠠᠯ | ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ︽ᠴᠠᠭᠠᠨ ᠢᠳᠡᠭᠡᠨ ᠤ ᠵᠤᠭᠤᠭ ᠤᠨ ᠦᠷᠦᠭᠡ︾ ᠶᠢᠨ ᠡᠵᠡᠩᠨᠡᠯᠲᠡ | ᠬᠠᠮᠢᠶᠠᠷᠤᠯᠲᠠ ᠶᠢ ᠴᠢᠩᠭᠠᠳᠬᠠᠵᠤ᠂ ︽ᠲᠠᠯ᠎ᠠ ᠨᠤᠲᠤᠭ ᠤᠨ ᠪᠣᠯᠵᠤᠭ᠎ᠠ︾ ᠨᠡᠷᠡᠮᠵᠢᠲᠤ ᠳᠡᠯᠭᠡᠭᠦᠷ᠂ ︽ᠳᠤᠮᠳᠠᠳᠤ ᠤᠯᠤᠰ | ᠤᠨ ᠴᠠᠭᠠᠨ ᠢᠳᠡᠭᠡᠨ ᠤ ᠨᠤᠳᠤᠭ︾ ᠤᠨ ᠣᠨᠴᠠᠯᠢᠭᠲᠤ ᠳᠡᠯᠭᠡᠭᠦᠷ ᠢ ᠪᠠᠶᠢᠭᠤᠯᠤᠨ᠎ᠠ᠃ ᠪᠦᠬᠦ ᠵᠢᠯ ᠳᠤ 140 ᠲᠦᠮᠡᠨ | ᠵᠢᠭᠤᠯᠴᠢᠳ ︵ᠤᠳᠠᠭ᠎ᠠ︶ ᠢ ᠬᠦᠯᠢᠶᠡᠨ ᠠᠪᠴᠤ᠂ 7.7 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ | ᠡᠭᠦᠳᠬᠦ ᠪᠠᠷ ᠴᠢᠷᠮᠠᠶᠢᠨ᠎ᠠ᠃ ︽ᠬᠡᠷᠡᠭᠯᠡᠭᠡ ᠶᠢ ᠠᠬᠢᠭᠤᠯᠵᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ︾ ᠠᠵᠢᠯ ᠢ | ᠢᠳᠡᠪᠬᠢᠲᠡᠶ ᠥᠷᠨᠢᠭᠦᠯᠵᠦ᠂ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨ ᠲᠠᠢ | ᠪᠣᠯᠭᠠᠵᠤ᠂ ᠪᠦᠬᠦ ᠵᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠣᠷᠤᠯᠠᠭᠤᠯᠭ᠎ᠠ ᠶᠢᠨ ᠶᠡᠷᠦᠩᠬᠡᠶ ᠥᠷᠲᠡᠭ ᠢ | 14.2 ᠳ᠋ᠦᠩᠰᠢᠭᠤᠷ ᠲᠥᠭᠦᠷᠢᠭ ᠲᠤ ᠬᠦᠷᠭᠡᠨ᠂ 5 % ᠪᠠᠷ ᠨᠡᠮᠡᠭᠳᠡᠭᠦᠯᠦᠨ᠎ᠡ᠃ ︽ᠴᠢᠯᠥᠭᠡᠲᠦ ᠠᠷᠠᠯᠵᠢᠶᠠᠨ ᠤ ᠵᠠᠬ᠎ᠠ︾ | ᠶᠢ ᠡᠭᠦᠳᠦᠨ ᠪᠠᠶᠢᠭᠤᠯᠵᠤ᠂ ᠱᠠᠩᠳᠤ ᠠᠵᠤ ᠦᠢᠯᠡᠰ ᠤᠨ ᠬᠦᠷᠢᠶᠡᠯᠡᠩ ᠤᠨ ᠪᠣᠳᠠᠰ ᠤᠨ ᠬᠦᠢᠯᠭᠡᠭᠡ᠂ ᠰᠠᠩ ᠤᠨ | ᠳᠠᠯᠠᠢ ᠳᠠᠬᠢ ᠲᠡᠭᠡᠭᠡᠪᠦᠷᠢ ᠬᠦᠢᠯᠭᠡᠭᠡᠨ ᠤ ᠰᠠᠭᠤᠷᠢᠨ ᠢ ᠪᠠᠶᠢᠭᠤᠯᠬᠤ ᠠᠵᠢᠯ ᠢ ᠪᠣᠳᠠᠳᠠᠢ ᠠᠬᠢᠭᠤᠯᠵᠤ᠂ ᠪᠠᠷᠠᠭ᠎ᠠ ᠲᠡᠭᠡᠭᠡᠪᠦᠷᠢ | ᠶᠢᠨ ᠦᠢᠯᠡᠰ ᠤᠨ ᠦᠨᠳᠦᠰᠦᠨ ᠨᠥᠬᠦᠴᠡᠯ ᠢ ᠰᠠᠶᠢᠵᠢᠷᠠᠭᠤᠯᠵᠣ᠂ ᠪᠠᠶᠢᠷᠢᠰᠢᠯ ᠪᠠ ᠵᠠᠮ ᠬᠠᠷᠢᠯᠴᠠᠭᠠᠨ ᠤ ᠳᠠᠪᠠᠭᠤᠯᠢᠭ ᠢ | ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ | | ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠳᠦᠮᠵᠢ ᠶᠢ ᠪᠠᠬᠢᠵᠢᠭᠦᠯᠵᠦ᠂ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ | ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠢ ᠵᠠᠪᠠᠯ ᠰᠠᠶᠢᠨ ᠬᠢᠨ᠎ᠡ᠃ ︽ᠡᠯᠡᠰᠦᠷᠬᠡᠭᠵᠢᠯ ᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠤᠨ ᠡᠨᠧᠷᠬᠢ ᠶᠢ ᠨᠢᠭᠡ ᠴᠣᠭᠴᠠᠵᠢᠭᠤᠯᠬᠤ︾ ᠢᠨᠵᠧᠨᠧᠷᠢᠩ ᠢ | ᠭᠤᠣᠯᠳᠠᠯᠭ᠎ᠠ ᠲᠠᠢ ᠬᠡᠷᠡᠭᠵᠢᠭᠦᠯᠵᠦ᠂ ᠭᠡᠷᠡᠯ ᠤᠨ ᠡᠨᠧᠷᠬᠢ ᠶᠢ ᠠᠰᠢᠭᠯᠠᠨ ᠡᠯᠡᠰᠦᠷᠬᠡᠭᠵᠢᠯ ᠢ ᠵᠠᠰᠠᠬᠤ ᠲᠥᠰᠦᠯ ᠢ | ᠨᠠᠶᠢᠷᠠᠭᠤᠯᠵᠤ᠂ ᠲᠥᠷᠥᠯ ᠵᠦᠢᠯ ᠢ ᠡᠷᠲᠡ ᠨᠢᠭᠡᠨ ᠡᠳᠦᠷ ᠪᠣᠳᠠᠳᠠᠶᠢᠵᠢᠭᠤᠯᠣᠨ᠎ᠠ᠃ ︽ᠬᠤᠯᠠᠨ ᠰᠢᠷᠭ᠎ᠠ ᠲᠠᠭ᠎ᠠ ᠡᠯᠡᠰᠦ | ᠮᠠᠩᠬ᠎ᠠ ᠶᠢ ᠵᠠᠰᠠᠬᠤ ᠠᠵᠢᠯ ᠤᠨ ᠢᠯᠠᠯᠲᠠ ᠶᠢ ᠲᠡᠮᠡᠴᠡᠨ ᠤᠯᠬᠤ ᠲᠥᠰᠦᠯ︾ ᠢ ᠪᠣᠳᠠᠲᠠᠶ ᠨᠠᠶᠢᠳᠠᠪᠤᠷᠢᠵᠢᠭᠤᠯᠵᠤ᠂ ᠨᠡᠭᠦᠳᠡᠯ | ᠡᠯᠡᠰᠦ᠂ ᠬᠠᠭᠠᠰ ᠲᠣᠭᠲᠠᠪᠤᠷᠢᠵᠢᠭᠰᠠᠨ ᠡᠯᠡᠰᠦ ᠪᠠ ᠨᠡᠯᠢᠶᠡᠳ ᠶᠡᠭᠡ ᠡᠯᠡᠰᠦᠷᠭᠡᠭᠵᠢᠭᠰᠡᠨ ᠣᠷᠣᠨ ᠢ ᠵᠠᠰᠠᠬᠤ ᠪᠠᠷ | ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠡᠯᠡᠰᠦ ᠶᠢ ᠲᠣᠭᠳᠠᠪᠣᠷᠢᠵᠢᠭᠤᠯᠵᠤ ᠠᠮᠢ ᠠᠬᠤᠢ ᠶᠢ ᠰᠡᠷᠭᠦᠭᠡᠭᠦ ᠬᠠᠷᠠᠯᠲᠠ ᠪᠠᠨ | ᠭᠤᠶᠢᠪᠠᠰᠢ ᠦᠭᠡᠢ ᠪᠡᠶᠡᠯᠡᠬᠦᠯᠦᠨ᠎ᠡ᠃ ᠵᠠᠬ᠎ᠠ ᠳᠡᠯᠭᠡᠭᠦᠷ ᠲᠤ ᠰᠠᠭᠤᠷᠢᠯᠠᠵᠦ᠂ ᠲᠠᠷᠢᠵᠦ ᠣᠷᠭᠤᠭᠤᠯᠬᠤ᠂ ᠮᠠᠯᠵᠢᠵᠦ ᠲᠡᠵᠢᠭᠡᠬᠦ | ᠂ ᠵᠢᠭᠤᠯᠴᠢᠯᠡᠯ ᠤᠨ ᠦᠢᠯᠡᠰ ᠢ ᠬᠦᠭᠵᠢᠬᠦᠯᠬᠦ ᠵᠡᠷᠭᠡ ᠶᠢ ᠬᠠᠷᠢᠯᠴᠠᠨ ᠣᠶᠠᠯᠳᠣᠭᠤᠯᠵᠣ ᠮᠠᠯ ᠠᠵᠤ ᠠᠬᠤᠢ ᠶᠢᠨ ᠦᠢᠯᠡᠰ ᠢ | ᠰᠢᠯᠢᠳᠡᠭᠵᠢᠬᠦᠯᠦᠨ ᠲᠡᠰ ᠲᠡᠪᠰᠢᠬᠦᠯᠵᠦ᠂ ︽ᠠᠮᠢ ᠠᠬᠤᠶ ᠰᠡᠷᠬᠦᠭᠰᠡᠨ᠂ ᠠᠵᠤ ᠠᠬᠤᠶᠢᠯᠠᠯ ᠠᠰᠢᠭ ᠬᠦᠷᠳᠡᠭᠰᠡᠨ᠂ | ᠮᠠᠯᠴᠢᠳ ᠤᠨ ᠣᠷᠣᠯᠭ᠎ᠠ ᠨᠠᠮᠡᠭᠳᠡᠭᠰᠡᠨ︾ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠣᠳᠠᠲᠠᠶ ᠲᠠᠢ ᠪᠠᠨ | ᠤᠶᠠᠯᠳᠤᠭᠤᠯᠤᠨ ᠪᠥᠬᠦ ᠬᠤᠰᠢᠭᠤᠨ ᠤ ᠬᠤᠯᠠᠨ ᠰᠢᠷᠭ᠎ᠠ ᠲᠠᠭ᠎ᠠ ᠮᠠᠩᠬ᠎ᠠ ᠶᠢ ︽ᠶᠢᠰᠦᠨ ᠣᠷᠣᠨ ᠬᠤᠶᠠᠷ ᠪᠦᠰᠡ ᠨᠢᠭᠡ | ᠰᠠᠭᠤᠷᠢᠨ︾ ᠪᠣᠯᠭᠠᠨ ᠬᠤᠪᠢᠶᠠᠵᠤ᠂ ᠰᠢᠨᠵᠢᠯᠡᠬᠦ ᠣᠬᠠᠭᠠᠨᠴᠢ ᠪᠠᠷ ᠣᠷᠭᠤᠮᠠᠯ ᠤᠨ ᠬᠤᠴᠢᠯᠭ᠎ᠠ ᠶᠢ ᠰᠡᠷᠬᠦᠭᠡᠨ ︽ᠬᠡᠷᠡᠯ ᠤᠨ | ᠡᠨᠧᠷᠬᠢ ᠪᠠᠷ ᠴᠠᠬᠢᠯᠭᠠᠨ ᠭᠠᠷᠭᠠᠬᠤ ᠪᠠᠷ ᠲᠠᠮᠵᠢᠭᠤᠯᠤᠨ ᠡᠯᠡᠰᠦ ᠶᠢ ᠵᠠᠰᠠᠵᠤ᠂ ᠢᠨᠵᠧᠨᠧᠷᠢᠩ ᠢᠶᠠᠷ ᠡᠯᠡᠰᠦ ᠶᠢ | ᠲᠣᠭᠲᠠᠪᠤᠷᠢᠵᠢᠭᠤᠯᠤᠨ᠂ ᠨᠢᠰᠬᠡᠯ ᠢᠶᠠᠷ ᠳᠠᠷᠢᠵᠤ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ ᠬᠥᠮᠦᠨ | ᠤ ᠬᠦᠴᠦ ᠪᠠᠷ ᠣᠶᠢᠵᠢᠭᠤᠯᠬᠤ᠂ ᠬᠦᠳᠡᠯᠮᠦᠷᠢ ᠪᠠᠷ ᠲᠡᠭᠵᠢᠷᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ | ᠰᠢᠭᠤᠶ ᠤᠷᠭᠤᠮᠠᠯ ᠬᠤᠴᠢᠯᠭ᠎ᠠ ᠶᠢᠨ ᠲᠥᠷᠥᠯ ᠵᠦᠢᠯ ᠪᠠ ᠨᠢᠭᠲᠠᠴᠠ ᠶᠢ ᠵᠣᠬᠢᠰᠲᠠᠶ ᠳᠣᠭᠢᠷᠠᠭᠤᠯᠵᠤ᠂ ᠡᠯᠡᠰᠦ ᠶᠢ | ᠰᠡᠷᠭᠡᠶᠢᠯᠡᠨ ᠵᠠᠰᠠᠬᠤ ᠠᠵᠢᠯ ᠤᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ 2024 ᠣᠨ ᠳᠤ ᠬᠤᠯᠠᠨ ᠰᠢᠷᠭ᠎ᠠ ᠲᠠᠭ᠎ᠠ ᠶᠢᠨ ᠬᠦᠨᠳᠦ ᠡᠯᠡᠰᠦᠷᠬᠡᠭᠵᠢᠭᠰᠡᠨ ᠣᠷᠣᠨ ᠤ 59 | ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠵᠦ᠂ 8 ᠲᠦᠮᠡᠨ ᠮᠥ ᠨᠤᠲᠤᠭ ᠪᠡᠯᠴᠢᠭᠡᠷ ᠢ | ᠰᠠᠶᠢᠵᠢᠷᠠᠭᠤᠯᠣᠨ᠂ 24 ᠲᠦᠮᠡᠨ ᠮᠥ ᠪᠣᠳᠠ ᠮᠣᠳᠣᠨ ᠣᠶ᠂ 1.6 ᠲᠦᠮᠡᠨ ᠮᠥ ᠣᠶ ᠰᠢᠭᠤᠶ ᠶᠢ ᠲᠠᠷᠢᠵᠦ ᠪᠦᠢᠵᠢᠭᠤᠯᠣᠨ | ᠂ 0.5 ᠲᠦᠮᠡᠨ ᠮᠥ ᠰᠡᠶᠢᠷᠡᠭ ᠣᠶ ᠶᠢ ᠨᠦᠬᠦᠨ ᠰᠡᠷᠭᠦᠭᠡᠬᠦ ᠪᠠᠷ ᠲᠦᠯᠦᠪᠯᠡᠵᠦ᠂ ᠲᠡᠭᠡᠳᠦ ᠱᠠᠳᠣᠨ ᠤ ᠱᠠᠭᠠᠷᠳᠠᠯᠭ᠎ᠠ | ᠶᠣᠰᠣᠭᠠᠷ ᠪᠣᠳᠠᠳᠠᠢ ᠬᠦᠢᠴᠡᠳᠭᠡᠭᠦ ᠪᠣᠯᠣᠨ᠎ᠠ᠃ 0.8 ᠲᠦᠮᠡᠨ ᠮᠥ ᠭᠠᠵᠠᠷ ᠲᠤ ᠣᠶ ᠰᠢᠭᠤᠶ ᠤᠷᠭᠤᠮᠠᠯ ᠬᠤᠴᠢᠯᠭ᠎ᠠ ᠶᠢ | ᠰᠡᠷᠭᠦᠭᠡᠨ᠂ ᠵᠡᠭᠦᠨ ᠪᠡᠶ᠎ᠡ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢᠶᠠᠷ 0.6 ᠲᠥᠮᠡᠨ ᠮᠦ | ᠭᠠᠵᠠᠷ ᠤᠨ ᠡᠯᠡᠰᠦ ᠶᠢ ᠵᠠᠰᠠᠵᠤ᠂ ᠲᠥᠷᠥᠯ ᠵᠦᠶᠯ ᠳᠤ ᠣᠷᠣᠭᠤᠯᠣᠨ᠂ ᠦᠨᠥ ᠬᠠᠪᠤᠷ ᠠᠴᠠ ᠠᠵᠢᠯ ᠢᠶᠠᠨ ᠡᠬᠢᠯᠡᠬᠦᠯᠦᠨ᠎ᠡ᠃ | ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠡᠷᠳᠡᠮ ᠰᠢᠨᠵᠢᠯᠡᠭᠡᠨ ᠤ ᠬᠤᠷᠠᠯ ᠢ ᠡᠷᠬᠢᠯᠡᠬᠦ ᠪᠠᠷ | ᠴᠢᠷᠮᠠᠶᠢᠨ᠎ᠠ᠃ | | ᠣᠷᠴᠢᠨ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠨᠵᠡᠭᠡᠶᠢᠷᠡᠬᠦᠯᠦᠨ᠎ᠡ᠃ ᠲᠥᠪ | ᠤᠨ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ | ᠲᠣᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠲᠣᠰ ᠵᠢᠯ ᠳᠤ 2 | ᠵᠦᠶᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠥᠩᠭᠡᠷᠡᠭᠰᠡᠨ ᠵᠢᠯ ᠤᠳ ᠤᠨ ᠡᠯ᠎ᠡ ᠱᠠᠲᠤᠨ ᠤ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠣᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠤᠳ ᠢ ᠲᠠᠬᠢᠨ | ᠬᠢᠨᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠯᠲᠠ ᠶᠢᠨ ᠲᠣᠭᠤᠶᠢᠯᠠᠩ ᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠠ᠃ ᠭᠤᠤᠯᠳᠠᠯᠭ᠎ᠠ ᠲᠠᠢ ᠰᠠᠪᠠ ᠭᠠᠵᠠᠷ | ᠢ ᠦᠷᠭᠦᠯᠵᠢ ᠶᠢᠨ ᠴᠢᠨᠠᠷᠳᠠᠢ ᠵᠠᠰᠠᠬᠤ ᠲᠤᠰᠬᠠᠶ ᠠᠵᠢᠯ ᠢ ᠰᠠᠶᠢᠲᠤᠷ ᠬᠢᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠣᠷᠴᠢᠨ ᠲᠣᠭᠤᠷᠢᠨ ᠢ ᠪᠠᠶᠢᠴᠠᠭᠠᠨ ᠦᠨᠡᠯᠡᠬᠦ ᠪᠠ ᠤᠰᠤᠨ ᠤ ᠴᠢᠨᠠᠷ ᠲᠤ ᠪᠠᠶᠢᠴᠠᠭᠠᠯᠲᠠ ᠬᠢᠬᠦ ᠠᠵᠢᠯ ᠢ ᠥᠷᠨᠢᠭᠦᠯᠵᠦ᠂ | ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠳᠣᠯᠠᠨ᠎ᠠ᠃ ︽ᠠᠭᠠᠷ ᠤᠨ ᠶᠠᠰᠣ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠲᠥᠯᠥᠪᠯᠡᠭᠡ︾ ᠶᠢ ᠴᠢᠩᠭ᠎ᠠ ᠨᠠᠶᠢᠳᠠᠪᠤᠷᠢᠵᠢᠭᠤᠯᠵᠣ᠂ ᠠᠭᠠᠷ ᠤᠨ ᠪᠣᠬᠢᠷᠳᠣᠯ ᠢ ᠰᠡᠷᠭᠡᠶᠢᠯᠡᠨ᠂ ᠴᠡᠯᠮᠡᠭ | ᠲᠣᠩᠭᠠᠯᠠᠭ ᠡᠳᠦᠷ ᠤᠨ ᠲᠤᠭ᠎ᠠ ᠶᠢ 90 % ᠠᠴᠠ ᠳᠡᠭᠡᠭᠰᠢ ᠳᠤ ᠬᠦᠷᠭᠡᠨ᠎ᠡ᠃ ᠦᠯᠡᠳᠡᠭᠳᠡᠯ ᠠᠭᠤᠷᠬᠠᠢ᠂ ᠬᠦᠨᠳᠦ | ᠲᠡᠮᠦᠷᠯᠢᠭ ᠲᠤ ᠬᠤᠯᠪᠣᠭᠳᠠᠭᠰᠠᠨ ᠠᠵᠢᠯ ᠲᠥᠷᠥᠯ ᠪᠠ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ | ᠪᠣᠳᠠᠰ ᠤᠨ ᠪᠣᠬᠢᠷᠲᠤᠯ ᠢ ᠴᠢᠩᠭ᠎ᠠ ᠰᠡᠷᠭᠡᠶᠢᠯᠡᠨ᠂ ᠬᠤᠲᠠ ᠪᠠᠯᠭᠠᠰᠤ ᠵᠢᠴᠢ ᠬᠦᠳᠡᠭᠡ ᠲᠣᠰᠬᠤᠨ ᠤ ᠪᠣᠬᠢᠷ ᠦᠮᠡᠬᠡᠶ ᠤᠰᠤ | ᠶᠢ ᠪᠦᠷᠢᠳᠬᠡᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠬᠦᠭᠡᠷᠦᠮᠵᠢ᠂ ᠰᠠᠩ ᠤᠨ ᠳᠠᠯᠠᠢ ᠪᠠᠯᠭᠠᠰᠣᠨ ᠤ ᠣᠣᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠵᠠᠰᠠᠬᠤ ᠪᠠ | ᠬᠤᠲᠠ ᠤᠰᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠲᠥᠬᠦᠭᠡᠷᠦᠮᠵᠢ ᠵᠡᠷᠭᠡ ᠲᠥᠷᠥᠯ ᠵᠦᠢᠯ ᠢ ᠪᠣᠳᠠᠳᠠᠢ | ᠨᠠᠶᠢᠳᠠᠪᠣᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ | | ᠠᠮᠢ ᠠᠬᠤᠶ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ | ᠴᠢᠩᠭᠠᠳᠬᠠᠨ᠎ᠠ᠃ ᠮᠠᠯ ᠪᠡᠯᠴᠢᠭᠡᠷ ᠤᠨ ᠲᠡᠩᠴᠡᠭᠦᠷᠢ᠂ ᠬᠠᠰᠢᠶᠠᠯᠠᠨ ᠮᠠᠯᠵᠢᠬᠤ ᠪᠠ ᠰᠡᠯᠭᠦᠨ ᠮᠠᠯᠵᠢᠬᠤ᠂ ᠠᠮᠢ ᠠᠬᠤᠢ ᠶᠢᠨ | ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠤᠨ᠂ ᠨᠤᠲᠤᠭ ᠪᠡᠯᠴᠢᠭᠡᠷ ᠤᠨ | ᠨᠢᠭᠡᠴᠢᠯᠡᠭᠰᠡᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠠᠬᠢᠭᠤᠯᠵᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠦᠷᠢᠵᠢᠭᠤᠯᠵᠣ᠂ ᠱᠠᠩᠳᠤ ᠶᠢᠨ ᠭᠤᠣᠯ ᠤᠨ ᠰᠠᠪᠠ ᠭᠠᠵᠠᠷ᠂ ᠴᠢᠬᠤᠯᠠ ᠨᠤᠭᠤ ᠭᠠᠵᠠᠷ ᠪᠠ ᠪᠢᠲᠡᠭᠦᠮᠵᠢᠯᠡᠨ | ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠡᠯᠴᠢᠭᠡᠷ ᠤᠨ ᠳᠠᠭᠠᠭᠠᠴᠠ | ᠠᠴᠠ ᠬᠡᠲᠦᠷᠡᠭᠦᠯᠦᠨ ᠮᠠᠯᠵᠢᠬᠤ ᠶᠢ ᠴᠢᠩᠭ᠎ᠠ ᠰᠡᠷᠭᠡᠶᠢᠯᠡᠨ ᠰᠢᠢᠳᠬᠡᠨ᠎ᠡ᠃ ᠬᠥᠳᠡᠭᠡ ᠲᠣᠰᠬᠤᠨ ᠤ ᠣᠷᠴᠢᠨ ᠲᠣᠭᠤᠷᠢᠨ ᠤ | ᠴᠡᠭᠴᠡᠯᠡᠯᠲᠡ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠮᠢᠳᠣᠯᠢᠭ᠂ ᠪᠣᠳᠠᠳᠣ ᠦᠷ᠎ᠡ ᠪᠦᠳᠦᠮᠵᠢ ᠲᠠᠢ᠂ | ᠪᠠᠶᠢᠩᠭᠤ ᠶᠢᠨ ᠴᠢᠨᠠᠷᠲᠠᠢ ᠲᠣᠭᠳᠠᠯᠴᠠᠭ᠎ᠠ ᠶᠢ ᠪᠦᠷᠢᠯᠳᠦᠭᠦᠯᠵᠦ᠂ ᠲᠠᠷᠢᠮᠠᠯ ᠤᠨ ᠰᠦᠯᠢᠶᠣᠣ ᠪᠦᠷᠬᠦᠪᠴᠢ ᠶᠢ ᠴᠡᠭᠴᠡᠯᠡᠨ | ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠵᠢᠯ ᠤᠨ ᠰᠦᠯᠢᠶᠣᠣ ᠪᠦᠷᠬᠦᠪᠴᠢ ᠶᠢ ᠡᠭᠡᠭᠦᠯᠦᠨ | ᠬᠤᠷᠢᠶᠠᠭᠰᠠᠨ ᠨᠤᠷᠮ᠎ᠠ 95 % ᠶᠢ ᠲᠠᠪᠠᠭ᠋ᠣ ᠪᠣᠯᠣᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ | ᠶᠢ ᠯᠠᠪᠳᠠᠭᠤᠨ ᠠᠬᠢᠭᠤᠯᠵᠤ᠂ ᠭᠠᠷ ᠬᠦᠢᠴᠡᠳᠭᠡᠯ ᠪᠦᠷᠢᠨ ︽ᠪᠡᠯᠡᠨ ᠠᠭᠤᠷᠬᠠᠶ︾ ᠶᠢ ᠬᠤᠳᠠᠯᠳᠤᠬᠤ ᠶᠢ ᠪᠥᠬᠦ ᠬᠦᠴᠦᠨ | ᠢᠶᠠᠷ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | | ︵ᠳᠥᠷᠪᠡ︶ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ | ᠠᠯᠬᠤᠮ ᠢ ᠠᠯᠬᠤᠨ᠎ᠠ᠃ | | ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ︾ ᠶᠢ ᠬᠦᠨᠵᠡᠭᠡᠶᠢᠷᠡᠬᠦᠯᠵᠦ᠂ ︽ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ︾ ᠤ | ᠠᠵᠢᠯᠯᠠᠭ᠎ᠠ ᠶᠢ ᠥᠷᠨᠢᠭᠦᠯᠦᠨ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠠᠯᠠᠯᠲᠠ ᠳᠤ ᠪᠠᠨ ᠵᠠᠪᠠᠯ ᠬᠦᠷᠦᠨ᠎ᠡ᠃ ︽ᠲᠤᠰᠬᠠᠢ | ᠮᠡᠷᠭᠡᠵᠢᠯ ᠤᠨ ᠨᠠᠷᠢᠯᠢᠭ ᠪᠦᠳᠦᠴᠡᠳᠦ ᠰᠢᠨ᠎ᠡ ᠣᠨᠴᠠᠯᠢᠭᠳᠣ︾ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠢ | ᠬᠦᠭᠵᠢᠬᠦᠯᠵᠦ᠂ ᠭᠠᠶᠢᠯᠢ ᠬᠡᠯᠳᠦᠷᠢᠬᠦᠯᠬᠦ᠂ ᠲᠦᠭᠡᠮᠡᠯ ᠬᠠᠷᠠᠭᠠᠯᠵᠠᠯᠳᠣ ᠮᠥᠩᠭᠦᠨ ᠬᠦᠢᠯᠭᠡᠭᠡᠨ ᠤ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠲᠡᠭ | ᠢ ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠂ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠦᠷᠲᠡᠭ ᠢ 27 ᠳ᠋ᠦᠩᠰᠢᠭᠤᠷ ᠲᠥᠭᠦᠷᠢᠭ ᠠᠴᠠ ᠲᠠᠪᠠᠭᠤᠯᠬᠤ | ᠪᠠᠷ ᠴᠢᠷᠮᠠᠶᠢᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ︽ᠳᠣᠲᠣᠨᠣ ᠴᠢᠬᠡᠴᠢ︾ ᠬᠠᠷᠢᠴᠠᠭ᠎ᠠ | ᠂ ᠬᠤᠳᠠᠯᠳᠤᠭ᠎ᠠ ᠡᠵᠡᠩᠨᠡᠬᠦ ᠡᠶᠡᠪᠡᠷᠭᠦᠦ ᠣᠷᠴᠢᠨ ᠨᠥᠬᠦᠴᠡᠯ ᠢ ᠪᠣᠢ ᠪᠤᠯᠠᠭᠠᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠠᠶᠢᠭᠤᠯᠵᠣ ᠪᠠᠶᠢᠭ᠎ᠠ᠂ ᠥᠷᠭᠡᠳᠬᠡᠨ ᠪᠠᠶᠢᠭᠤᠯᠬᠤ᠂ ᠰᠢᠨ᠎ᠡ ᠪᠠᠷ | ᠪᠠᠶᠢᠭᠤᠯᠬᠤ ᠵᠢᠴᠢ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠳᠤ ᠠᠩᠬᠠᠷᠣᠯ ᠢᠶᠠᠨ ᠬᠠᠨᠳᠣᠭᠤᠯᠣᠨ᠂ ᠵᠠᠰᠠᠭ ᠤᠨ ᠣᠷᠳᠣᠨ᠂ | ᠠᠵᠤ ᠠᠬᠤᠶᠢᠯᠠᠯ ᠬᠠᠷᠢᠯᠴᠠᠨ ᠵᠥᠪᠳᠡᠯᠴᠡᠬᠦ᠂ ᠲᠣᠪᠴᠢᠶ᠎ᠠ ᠪᠠ ᠠᠵᠤ ᠠᠬᠤᠶᠢᠯᠠᠯ ᠬᠠᠷᠢᠯᠴᠠᠬᠤ᠂ ᠪᠠᠩᠬᠢ ᠪᠠ ᠠᠵᠤ | ᠠᠬᠤᠶᠢᠯᠠᠯ ᠬᠠᠮᠲᠤᠷᠠᠯᠴᠠᠬᠤ᠂ ᠠᠵᠤ ᠠᠬᠤᠶᠢᠯᠠᠯ ᠬᠤᠭᠤᠷᠤᠨᠳᠤ ᠪᠠᠨ ᠬᠠᠪᠰᠤᠷᠤᠯᠴᠠᠬᠤ ᠲᠣᠭᠲᠠᠴᠠ ᠶᠢ ᠪᠦᠷᠢᠨᠰᠢᠭᠦᠯᠵᠦ᠂ | ᠠᠵᠤ ᠠᠬᠤᠶᠢᠯᠠᠯ ᠳᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ᠎ᠡ᠃ | ᠭᠠᠵᠠᠷ ᠤᠨ ᠲᠠᠰ ᠤᠨ ᠤᠳᠤᠷᠢᠳᠤᠯᠭ᠎ᠠ ᠠᠴᠠ ᠳᠠᠭᠠᠭᠠᠴᠢᠯᠠᠬᠤ ᠪᠠ ︽ᠨᠢᠭᠡ ᠠᠵᠤ ᠠᠬᠤᠶᠢᠯᠠᠯ ᠳᠤ ᠠᠵᠢᠯ ᠤᠨ | ᠳᠤᠭᠤᠶᠢᠯᠠᠩ︾ ᠪᠠᠶᠢᠭᠤᠯᠬᠤ ᠲᠣᠭᠲᠠᠴᠠ ᠶᠢ ᠬᠡᠷᠡᠭᠵᠢᠭᠦᠯᠵᠦ᠂ ᠲᠥᠷᠥᠯ ᠵᠦᠶᠯ ᠤᠨ ᠭᠡᠷ᠎ᠡ ᠲᠣᠭᠲᠠᠬᠤ᠂ | ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ᠂ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ᠂ ᠦᠷ᠎ᠡ | ᠪᠦᠲᠦᠮᠵᠢ ᠤᠯᠬᠤ ᠵᠡᠷᠭᠡ ᠪᠥᠬᠦ ᠶᠠᠪᠤᠴᠠ ᠳᠤ ᠣᠷᠣᠯᠴᠠᠨ᠂ ᠠᠵᠤ ᠠᠬᠤᠶᠢᠯᠠᠯ ᠤᠨ ᠰᠢᠯᠤᠭᠤᠨ ᠬᠥᠬᠡ ᠬᠤᠰᠢᠭᠤᠨ ᠳᠤ ᠪᠡᠯᠡ | ᠣᠷᠣᠭᠤᠯᠣᠨ᠂ ᠦᠶᠯᠡᠰ ᠪᠤᠰᠬᠠᠵᠤ᠂ ᠬᠦᠭᠵᠢᠯᠲᠡ ᠪᠠᠨ ᠠᠬᠢᠭᠤᠯᠬᠤ ᠳᠤ ᠪᠣᠳᠠᠳᠠᠢ ᠦᠢᠯᠡᠴᠢᠯᠡᠭᠡ ᠬᠠᠩᠭᠠᠨ᠎ᠠ᠃ ᠠᠵᠣ | ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠤᠨ ᠪᠦᠲᠦᠭᠡᠨ ᠪᠠᠶᠢᠭᠤᠯᠤᠯᠲᠠ᠂ ᠵᠠᠮ ᠱᠤᠭᠤᠮ ᠢ ᠰᠡᠯᠪᠢᠨ ᠵᠠᠰᠠᠬᠤ ᠪᠠ ᠢᠯᠴᠢ | ᠬᠠᠩᠭᠠᠬᠤ᠂ ᠬᠡᠢ ᠬᠠᠩᠭᠠᠬᠤ ᠢᠨᠵᠧᠨᠧᠷᠢᠩ ᠢ ᠠᠬᠢᠭᠤᠯᠵᠤ᠂ ᠲᠥᠷᠥᠯ ᠵᠦᠶᠯ ᠢ ᠪᠣᠳᠠᠲᠠᠶᠢᠵᠢᠭᠤᠯᠬᠤ ᠳᠤ ᠨᠠᠩ ᠰᠠᠶᠢᠨ | ᠪᠠᠲᠤᠯᠠᠭ᠎ᠠ ᠬᠠᠩᠭᠠᠨ᠎ᠠ᠃ | | ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠦᠨ᠎ᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠰ ᠳᠡᠪᠰᠢᠬᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ | ᠦᠮᠴᠢᠯᠡᠯᠳᠦ ᠪᠦᠯᠦᠭᠯᠡᠯᠳᠦ ᠺᠣᠮᠫᠠᠨᠢ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠲᠡᠮᠵᠢᠨ᠎ᠡ᠃ ︽ᠰᠣᠯᠠᠯᠠᠬᠤ ᠬᠠᠮᠢᠶᠠᠷᠬᠤ | ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠭᠦᠶᠴᠡᠳᠬᠡᠬᠦ︾ ᠶᠢ | ᠭᠦᠨᠵᠡᠭᠡᠶ ᠠᠬᠢᠭᠤᠯᠤᠨ᠂ ᠡᠯᠧᠺᠲᠷᠣᠨ ᠦᠨᠡᠮᠯᠡᠯ ᠢ ᠪᠥᠬᠦ ᠣᠷᠣᠨ ᠳᠤ ᠬᠠᠷᠢᠯᠴᠠᠨ ᠮᠡᠳᠡᠷᠡᠬᠦ ᠠᠵᠢᠯ ᠢ ᠠᠬᠢᠭᠤᠯᠵᠤ᠂ ︽ | ᠮᠥᠩᠬᠡ ᠰᠤᠪᠠᠭ︾ ᠤᠨ ᠬᠡᠷᠡᠭᠯᠡᠯᠲᠡ ᠶᠢ ᠳᠡᠯᠭᠡᠷᠡᠭᠦᠯᠦᠨ ᠲᠦᠭᠡᠮᠡᠯᠵᠢᠬᠦᠯᠵᠦ᠂ ᠦᠶᠯᠡᠴᠢᠯᠡᠭᠡᠨ ᠤ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ︽ᠲᠠᠭᠠᠯᠠᠮᠵᠢᠲᠠᠶ᠂ ᠪᠠᠶᠠᠷ ᠪᠠᠶᠠᠰᠣᠯ ᠲᠠᠢ᠂ ᠲᠥᠬᠦᠮ ᠲᠥᠳᠡ︾ | ᠢᠶᠠᠷ ᠠᠵᠢᠯ ᠶᠠᠪᠤᠳᠠᠯ ᠢᠶᠠᠨ ᠭᠦᠶᠴᠡᠳᠬᠡᠬᠦ ᠳᠤ ᠨᠦᠬᠦᠴᠡᠯ ᠬᠠᠩᠭᠠᠨ᠎ᠠ᠃ ᠦᠨᠳᠦᠰᠦᠨ ᠱᠠᠲᠤᠨ ᠤ ᠬᠠᠪᠰᠤᠷᠤᠨ | ᠭᠦᠶᠴᠡᠳᠬᠡᠵᠦ᠂ ᠣᠷᠣᠯᠠᠨ ᠭᠦᠶᠴᠡᠳᠬᠡᠬᠦ ᠦᠶᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠣᠶᠣᠨᠴᠢᠯᠠᠭᠰᠠᠨ ᠮᠠᠰᠢᠨ︾ ᠢ ᠨᠡᠶᠢᠭᠡᠮ ᠲᠣᠭᠤᠷᠢᠭ ᠲᠤ ᠣᠷᠤᠭᠤᠯᠵᠤ᠂ ᠣᠯᠠᠨ ᠬᠡᠷᠡᠭᠯᠡᠭᠳᠡᠳᠡᠭ | ᠭᠠᠷ ᠭᠦᠢᠴᠡᠳᠬᠡᠯ ᠤᠨ ᠵᠦᠢᠯᠡᠰ ᠢ ᠭᠡᠷ ᠤᠨ ᠬᠠᠵᠠᠭᠤ ᠳᠤ ᠪᠠᠨ ᠪᠡᠶᠡᠯᠡᠭᠦᠯᠵᠦ᠂ ︽ᠭᠠᠷ ᠤᠲᠠᠰᠤᠨ ᠳᠡᠭᠡᠷ᠎ᠡ ᠪᠠᠨ | ᠪᠡᠶᠡᠯᠡᠬᠦᠯᠵᠦ︾᠂ ᠰᠦᠯᠵᠢᠶᠡᠨ ᠳᠡᠭᠡᠷ᠎ᠡ ᠭᠦᠶᠴᠡᠳᠬᠡᠭᠰᠡᠨ ᠨᠣᠷᠮ᠎ᠠ ᠶᠢ 65 % ᠠᠴᠠ ᠳᠡᠭᠡᠭᠰᠢ ᠳᠤ ᠬᠦᠷᠭᠡᠨ᠎ᠡ᠃ ︽ | 12345︾ ᠤᠲᠠᠰᠤᠨ ᠤ ᠦᠶᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠡᠩ ᠤᠨ ᠰᠠᠨᠠᠯ ᠢ 24 ᠴᠠᠭ | ᠤᠨ ᠳᠣᠲᠣᠷ᠎ᠠ ᠭᠥᠯᠢᠶᠡᠨ ᠠᠪᠬᠤ᠂ ᠭᠡᠨᠡᠳᠲᠡ ᠶᠢᠨ ᠬᠡᠷᠡᠭ ᠤᠨ ᠲᠤᠬᠠᠢ ᠲᠤᠰᠬᠠᠬᠰᠠᠨ ᠰᠠᠨᠠᠯ ᠢ ᠴᠠᠭ ᠲᠤᠬᠠᠶ ᠳᠤᠨᠢ | ᠭᠥᠯᠢᠶᠡᠨ ᠠᠪᠬᠤ ᠶᠢ ᠪᠠᠲᠤᠯᠠᠨ᠎ᠠ᠃ ︽ᠵᠢᠷᠭᠤᠭᠠᠨ ᠨᠢᠭᠡ︾ ᠶᠢᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ | ᠠᠬᠤᠶᠢᠯᠠᠯ᠂ ᠣᠯᠠᠨ ᠲᠦᠮᠡᠨ ᠤ ᠲᠤᠰᠬᠠᠭᠰᠠᠨ ᠪᠠᠴᠢᠮ ᠶᠠᠭᠠᠷᠠᠤ ᠬᠦᠴᠢᠷ ᠵᠣᠪᠠᠭᠤᠷᠢ ᠲᠠᠢ ᠠᠰᠠᠭᠤᠳᠠᠯ ᠤᠨ ᠪᠦᠲᠦᠮᠵᠢᠲᠡᠢ | ᠰᠢᠢᠳᠪᠦᠷᠢᠯᠡᠭᠳᠡᠬᠦ ᠶᠢ ᠦᠨᠡᠨᠬᠦ ᠪᠠᠲᠤᠯᠠᠨ᠎ᠠ᠃ ᠭᠠᠵᠠᠷ ᠰᠢᠷᠣᠶ ᠶᠢ ᠭᠠᠮᠲᠠᠢ ᠬᠡᠷᠡᠭᠯᠡᠬᠦ ᠡᠷᠴᠢᠮ ᠢ ᠴᠢᠩᠭᠠᠳᠬᠠᠵᠤ᠂ ᠠᠵᠤ | ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠦᠶᠯᠡᠳᠪᠦᠷᠢ ᠶᠢᠨ ᠲᠥᠷᠥᠯ ᠵᠦᠶᠯ ᠳᠤ | ᠬᠡᠷᠡᠭᠯᠡᠬᠦ ︽ᠪᠠᠷᠢᠮᠵᠢᠶᠠᠲᠤ ᠭᠠᠵᠠᠷ︾ ᠢ ᠬᠤᠳᠠᠯᠳᠤᠬᠤ ᠨᠣᠷᠮ᠎ᠠ ᠶᠢ 100 % ᠳᠤ ᠬᠦᠷᠭᠡᠨ᠎ᠡ᠃ 26.9 ᠮᠥ ᠰᠤᠯᠠ | ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠬᠦ ᠪᠠ 260 . 7 ᠮᠥ ᠭᠠᠷ ᠭᠦᠢᠴᠡᠳᠭᠡᠯ ᠢᠶᠠᠨ ᠳᠠᠭᠤᠰᠬᠠᠭᠰᠠᠨ ᠪᠣᠯᠪᠠᠴᠤ | ᠬᠡᠷᠡᠭᠯᠡᠭᠰᠡᠨ ᠦᠭᠡᠢ ᠭᠠᠵᠠᠷ ᠰᠢᠷᠣᠶ ᠶᠢ ᠰᠢᠢᠳᠪᠦᠷᠢᠯᠡᠬᠦ ᠡᠭᠦᠷᠭᠡ ᠶᠢ ᠳᠠᠷᠤᠶᠢᠬᠠᠨ ᠪᠡᠶᠡᠯᠡᠬᠦᠯᠦᠨ᠎ᠡ᠃ | | ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠰᠢᠨ᠎ᠡ ᠶᠢ ᠡᠭᠦᠳᠬᠦ︾ ᠶᠢᠨ ᠢᠨᠵᠧᠨᠧᠷᠢᠩ ᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ | ᠰᠣᠳᠣᠯᠣᠨ ᠨᠡᠭᠡᠭᠡᠯᠲᠡ ᠳᠠᠬᠢ ᠪᠡᠯᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠳᠠᠮᠵᠢᠵᠤ᠂ ᠭᠤᠣᠯᠳᠠᠯᠭ᠎ᠠ | ᠲᠠᠢ ᠠᠵᠤ ᠠᠬᠤᠶᠢᠯᠠᠯ ᠢ ᠵᠢᠯᠣᠭᠤᠳᠴᠤ ᠡᠪᠡᠰᠦᠨ ᠤ ᠦᠷ᠎ᠡ᠂ ᠠᠮᠢ ᠠᠬᠤᠢ ᠶᠢᠨ ᠵᠠᠰᠠᠯᠲᠠ᠂ ᠴᠡᠪᠡᠷ ᠡᠨᠧᠷᠭᠢ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠪᠠ ᠣᠶᠤᠨᠴᠢ ᠮᠠᠯ ᠠᠵᠤ ᠠᠬᠤᠢ ᠶᠢᠨ ᠬᠦᠷᠢᠶ᠎ᠡ ᠴᠠᠷ᠎ᠠ ᠳᠤ ᠴᠢᠭᠯᠡᠬᠦᠯᠦᠨ᠂ | ᠰᠣᠳᠣᠯᠭᠠᠨ ᠤ ᠲᠥᠪ ᠪᠠᠶᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠳᠦᠯᠭᠡ ᠶᠢᠨ ᠴᠢᠳᠠᠪᠤᠷᠢ ᠶᠢ | ᠳᠡᠭᠡᠭᠰᠢᠯᠡᠬᠦᠯᠦᠨ᠎ᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠣᠳᠣᠯᠭᠠᠨ ᠤ | ᠭᠠᠵᠠᠷ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠪᠠᠶᠢᠭᠤᠯᠭ᠎ᠠ ᠨᠢᠭᠡᠴᠡ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ | ᠠᠯᠲᠠᠩᠬᠤᠸᠠ ᠴᠡᠴᠡᠭ ᠢ ᠬᠦᠮᠦᠨ ᠤ ᠬᠦᠴᠦ ᠪᠠᠷ ᠲᠠᠷᠢᠵᠤ ᠤᠷᠭᠤᠭᠤᠯᠬᠤ ᠶᠢ ᠢᠳᠡᠪᠬᠢᠲᠡᠢ ᠰᠥᠪᠡᠭᠴᠢᠯᠡᠵᠦ᠂ ᠰᠢᠨᠵᠢᠯᠡᠭᠡ | ᠮᠡᠷᠭᠡᠵᠢᠯ ᠤᠨ ᠦᠷ᠎ᠡ ᠪᠦᠳᠦᠮᠵᠢ ᠶᠢ ᠠᠬᠢᠭᠤᠯᠤᠨ᠎ᠠ᠃ ᠴᠢᠳᠠᠪᠤᠷᠢᠲᠠᠨ ᠤᠷᠢᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠠᠵᠤ ᠦᠶᠯᠡᠰ ᠤᠨ ᠪᠠᠶᠢᠷᠢ ᠲᠣᠭᠲᠠᠭᠠᠯᠲᠠ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ ᠨᠢᠭᠡ ᠪᠦᠯᠦᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠶᠤᠲᠠᠳ ᠤᠨ ᠳᠠᠳᠤᠯᠭ᠎ᠠ | ᠦᠢᠯᠡᠳᠦᠯᠭᠡ ᠶᠢᠨ ᠰᠠᠭᠤᠷᠢᠨ ᠢ ᠪᠠᠶᠢᠭᠤᠯᠵᠤ᠂ ︽ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠡᠷᠭᠢᠯᠡᠬᠦ᠂ ᠰᠤᠷᠭᠠᠭᠤᠯᠢ | ᠪᠠ ᠠᠵᠤ ᠠᠬᠤᠶᠢᠯᠠᠯ ᠬᠠᠮᠲᠤᠷᠠᠯᠴᠠᠬᠤ᠂ ᠠᠵᠤ ᠦᠶᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠠᠷᠭ᠎ᠠ ᠮᠠᠶ᠋ᠢᠭ | ᠢᠶᠠᠷ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠦᠵᠢᠭᠦᠯᠵᠦ᠂ ᠴᠢᠨᠠᠷᠯᠢᠭ ᠬᠥᠭᠵᠢᠯᠲᠡ ᠳᠤ | ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ | ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃ | | ᠭ᠊ᠥ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ᠎ᠠ᠃ ︽ᠲᠥᠮᠡ ᠮᠢᠩᠭᠠᠨ ᠲᠣᠰᠬᠤᠨ ᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ | ᠬᠡᠷᠡᠭᠯᠡᠵᠦ᠂ ︽ᠠᠷᠪᠠᠨ ᠬᠤᠰᠢᠭᠤ ︵ᠰᠢᠶᠠᠨ︶ ᠵᠠᠭᠤᠨ ᠰᠣᠮᠣ ︵ᠰᠢᠶᠠᠩ︶ ᠮᠢᠩᠭᠠᠨ ᠭᠠᠴᠠᠭ᠎ᠠ ︵ᠲᠣᠰᠬᠤᠨ︶︾ ᠢ | ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ 7343 ᠲᠦᠮᠡᠨ ᠲᠥᠭᠦᠷᠢᠭ ᠤᠨ ᠪᠠᠯᠠ | ᠮᠥᠩᠭᠦ ᠣᠷᠣᠭᠤᠯᠵᠤ᠂ ᠳᠠᠪᠠᠭᠤᠯᠢᠭ ᠤᠨᠴᠠᠯᠢᠭᠳᠤ ᠠᠵᠤ ᠦᠶᠯᠡᠰ ᠤᠨ 5 ᠲᠥᠷᠥᠯ ᠵᠦᠶᠯ᠂ ᠠᠵᠤ ᠲᠦᠷᠦᠨ ᠠᠮᠢᠳᠤᠷᠠᠬᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ 2 ᠲᠥᠷᠥᠯ ᠵᠦᠶᠯ ᠢ | ᠬᠡᠷᠡᠭᠵᠢᠭᠦᠯᠵᠦ᠂ ᠲᠤᠳᠠᠭᠳᠠᠯ ᠢᠶᠠᠨ ᠨᠥᠬᠦᠪᠥᠷᠢᠯᠡᠬᠦ 6 ᠲᠥᠷᠥᠯ ᠵᠦᠶᠯ ᠢ ᠬᠡᠷᠡᠭᠵᠢᠭᠦᠯᠵᠦ᠂ ᠬᠡᠪᠴᠢᠶᠡᠵᠢᠯ ᠤᠨ ᠴᠢᠨᠠᠷᠲᠠᠶ | ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ | ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠳᠤ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠪᠠ | ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠭᠴᠡᠯᠡᠬᠦ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ | ︽ᠵᠣᠷᠯᠣᠩ ᠤᠨ ᠦᠭᠡᠷᠡᠴᠢᠯᠡᠯᠳᠡ︾᠂ ᠬᠦᠳᠡᠭᠡ ᠲᠣᠰᠬᠤᠨ ᠤ ᠳᠥᠷᠢ ᠳᠥᠷᠬᠦ ᠶᠢ ᠭᠤᠶᠣᠵᠢᠭᠤᠯᠬᠤ᠂ ᠲᠠᠷᠢᠶᠠᠯᠠᠩ ᠮᠠᠯ | ᠠᠵᠤ ᠠᠬᠤᠶ ᠶᠢᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠠᠵᠢᠯ ᠤᠨ | ᠡᠭᠦᠷᠭᠡ ᠶᠢ ᠭᠤᠤᠯᠳᠠᠯᠭ᠎ᠠ ᠲᠠᠢ ᠠᠬᠢᠭᠤᠯᠤᠨ᠎ᠠ᠃ ᠸᠠᠨ ᠵᠥᠩ ᠢ ᠰᠢᠨ ᠰᠢᠩᠭᠡᠨ ᠲᠥᠯᠥᠪᠲᠦ ᠪᠣᠷᠲᠣᠭᠤᠷ ᠤᠨ ᠲᠥᠷᠥᠯ | ᠵᠦᠶᠯ ᠢ ᠠᠰᠢᠭᠯᠠᠯᠲᠠ ᠳᠤ ᠣᠷᠣᠭᠤᠯᠤᠨ᠎ᠠ᠃ 693 ᠲᠦᠮᠡᠨ ᠲᠥᠭᠦᠷᠢᠭ ᠤᠨ ᠪᠡᠯᠡ ᠣᠷᠣᠭᠤᠯᠣᠨ᠂ ᠲᠠᠷᠢᠶᠠᠯᠠᠬᠤ | ᠮᠠᠯᠵᠢᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠨ᠂ 226 ᠡᠷᠦᠬᠡ ᠶᠢᠨ 611 ᠬᠥᠮᠦᠨ ᠤ ᠤᠰᠤ ᠤᠮᠳᠠᠨ ᠤ | ᠠᠰᠠᠭᠤᠳᠠᠯ ᠢ ᠦᠨᠡᠨᠬᠦ ᠰᠢᠶᠳᠪᠦᠷᠢᠯᠡᠨ᠎ᠡ᠃ 44 ᠡᠷᠦᠬᠡ ᠰᠢᠨ᠎ᠡ ᠡᠨᠧᠷᠭᠢ ᠶᠢᠨ ᠴᠠᠬᠢᠯᠭᠠᠨ ᠢ ᠪᠠᠶᠢᠩᠭᠤ ᠶᠢᠨ ᠴᠠᠬᠢᠯᠭᠠᠨ ᠢᠶᠠᠷ | ᠥᠭᠡᠷᠡᠴᠢᠯᠡᠵᠦ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ 5 ᠶᠢ ᠰᠢᠨ᠎ᠡ ᠪᠠᠷ ᠪᠠᠶᠢᠭᠤᠯᠤᠨ᠎ᠠ᠃ ᠡᠯ᠎ᠡ ᠱᠠᠲᠤᠨ ᠠᠴᠠ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ | | ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠂ ᠬᠤᠲᠠ ᠬᠥᠳᠡᠭᠡᠨ ᠤ ᠴᠢᠳᠠᠮᠵᠢ ᠶᠢ ᠨᠡᠮᠡᠭᠳᠡᠭᠦᠯᠦᠨ᠎ᠡ᠃ | ᠳᠤᠯᠠᠭᠠᠯᠠᠭ᠎ᠠ ᠬᠠᠩᠭᠠᠬᠤ ᠠᠵᠢᠯ ᠤᠨ ᠡᠷᠴᠢᠮ ᠢ ᠴᠢᠩᠭᠠᠳᠬᠠᠵᠤ᠂ ᠳᠣᠯᠠᠭᠠᠯᠠᠭ᠎ᠠ ᠳᠤ ᠣᠷᠤᠰᠢᠵᠤ ᠪᠠᠶᠢᠭ᠎ᠠ ᠠᠰᠠᠭᠤᠳᠠᠯ ᠢ | ᠡᠷᠲᠡ ᠰᠢᠢᠳᠪᠦᠷᠢᠯᠡᠵᠦ᠂ 600 ᠲᠦᠮᠡᠨ ᠲᠥᠭᠦᠷᠢᠭ ᠤᠨ ᠪᠡᠯᠡ ᠣᠷᠣᠭᠤᠯᠣᠨ᠂ ᠢᠯᠴᠢ ᠬᠠᠩᠭᠠᠬᠤ ᠬᠤᠭᠤᠯᠠᠢ ᠶᠢ | ᠥᠭᠡᠷᠡᠴᠢᠯᠡᠨ ᠰᠢᠨᠡᠳᠭᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠢ ᠬᠠᠯᠠᠭᠤᠨ ᠳᠤᠯᠠᠭᠠᠨ | ᠡᠪᠦᠯᠵᠢᠬᠦᠯᠬᠦ ᠪᠣᠯᠤᠨ᠎ᠠ᠃ ᠬᠤᠲᠠ ᠪᠠᠯᠭᠠᠰᠤᠨ ᠤ ᠰᠢᠨᠡᠴᠢᠯᠡᠯᠲᠡ ᠵᠠᠰᠠᠯᠲᠠ ᠶᠢ ᠦᠷᠭᠦᠯᠵᠢᠯᠡᠨ ᠠᠬᠢᠭᠤᠯᠵᠤ᠂ 6500 | ᠲᠥᠮᠡᠨ ᠲᠦᠭᠦᠷᠢᠭ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠡᠷᠡᠮᠡᠯᠵᠡᠵᠦ᠂ ᠱᠠᠩᠳᠤ ᠪᠠᠯᠭᠠᠰᠤᠨ ᠤ ᠬᠤᠲᠠ ᠶᠢᠨ | ᠶᠠᠪᠤᠳᠠᠯ ᠤᠨ ᠲᠣᠣᠷ ᠬᠤᠭᠤᠯᠠᠢ ᠶᠢ ᠥᠭᠡᠷᠡᠴᠢᠯᠡᠨ ᠵᠠᠰᠠᠬᠤ 3 ᠲᠥᠷᠥᠯ ᠵᠦᠢᠯ ᠢ ᠬᠡᠷᠡᠭᠵᠢᠭᠦᠯᠵᠦ᠂ 12 . 3 ᠺᠢᠯᠤᠮᠧᠲᠷ | ᠰᠢᠲᠠᠮᠠᠬᠠᠢ ᠬᠡᠢ ᠶᠢᠨ ᠬᠤᠭᠤᠯᠠᠢ᠂ 9. 83 ᠺᠢᠯᠤᠮᠧᠲᠷ ᠤᠰᠤ ᠬᠠᠩᠭᠠᠬᠤ ᠬᠤᠭᠤᠯᠠᠢ᠂ 8 ᠺᠢᠯᠤᠮᠧᠲᠷ ᠤᠰᠤ | ᠭᠠᠳᠠᠭᠰᠢᠯᠠᠭᠤᠯᠬᠤ ᠬᠤᠭᠤᠯᠠᠢ᠂ 3. 75 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠨ ᠵᠠᠰᠠᠨ᠎ᠠ᠃ ᠬᠤᠲᠠ | ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ 1368 ᠲᠦᠮᠡᠨ | ᠲᠥᠭᠦᠷᠢᠭ ᠤᠨ ᠪᠡᠯᠡ ᠣᠷᠣᠭᠤᠯᠵᠣ᠂ ᠱᠠᠩᠳᠤ ᠪᠠᠯᠭᠠᠰᠤᠨ ᠤ ᠬᠤᠭᠤᠯᠠᠨ ᠭᠡᠷ ᠤᠨ ᠬᠤᠭ ᠨᠣᠪᠰᠢ ᠵᠢᠴᠢ ᠰᠠᠩ ᠤᠨ ᠳᠠᠯᠠᠢ | ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠰᠠᠭᠤᠭᠠᠯᠢ | ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠥᠮᠴᠢᠲᠡᠨ ᠤ | ᠵᠥᠪᠯᠡᠯ ᠪᠠ ᠠᠳᠠᠯ ᠠᠬᠤᠢ ᠶᠢᠨ ᠦᠢᠯᠡᠴᠢᠯᠡᠭᠡ ᠦᠭᠡᠢ ᠰᠠᠭᠤᠭᠠᠯᠢ ᠲᠣᠭᠤᠷᠢᠭ ᠢ ᠭᠤᠷᠪᠠᠳᠠᠬᠢ ᠡᠲᠡᠭᠡᠳ ᠤᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠳᠤ ᠥᠭᠴᠦ ᠬᠠᠷᠢᠭᠤᠴᠠᠭᠤᠯᠤᠨ᠎ᠠ᠃ ᠪᠥᠲᠥᠭᠡᠨ ᠪᠠᠶᠢᠭᠤᠯᠵᠤ ᠪᠠᠶᠢᠭ᠎ᠠ | ᠲᠥᠷᠥᠯ ᠵᠦᠶᠯ ᠤᠨ ᠤᠷᠢᠳᠴᠢᠯᠠᠨ ᠬᠤᠳᠠᠯᠳᠤᠭᠰᠠᠨ ᠪᠠᠯᠠ ᠮᠥᠩᠭᠦᠨ ᠤ ᠬᠢᠨᠠᠯᠲᠠ ᠶᠢ ᠴᠢᠩᠭᠠᠳᠬᠠᠵᠤ᠂ ︽ᠬᠡᠷ | ᠪᠠᠶᠢᠰᠢᠩ ᠢ ᠥᠮᠴᠢᠯᠡᠯ ᠤᠨ ᠦᠨᠡᠮᠯᠡᠯ ᠲᠠᠢ ᠬᠠᠮᠲᠤ ᠲᠤᠰᠢᠶᠠᠬᠤ︾ ᠶᠢ ᠪᠠᠷᠢᠮᠲᠠᠯᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ | ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠠᠮᠢᠳᠤᠯᠢᠭ | ᠠᠷᠭ᠎ᠠ ᠬᠡᠮᠵᠢᠶ᠎ᠡ ᠠᠪᠴᠤ ᠭᠦᠢᠴᠡᠳᠬᠡᠬᠦ ᠶᠣᠰᠣᠲᠠᠢ ᠦᠨᠡᠮᠯᠡᠯ ᠢ ᠪᠦᠬᠦᠨ ᠢ ᠭᠦᠢᠴᠡᠳᠬᠡᠬᠦ ᠪᠠᠷ ᠴᠢᠷᠮᠠᠶᠢᠨ᠎ᠠ᠃ 5863 | ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠭᠤᠯᠠᠨ ᠦᠶᠡᠷ ᠢ ᠰᠡᠷᠭᠡᠶᠢᠯᠡᠬᠦ ᠭᠤᠤ 4 ᠶᠢ ᠮᠠᠯᠲᠠᠨ᠂ ᠵᠢᠵᠢᠭ | ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ 3 ᠭᠠᠵᠠᠷ ᠲᠤ | ᠬᠡᠷᠡᠭᠵᠢᠭᠦᠯᠦᠨ᠎ᠡ᠃ ᠱᠠᠩᠳᠤ ᠤᠰᠤᠨ ᠴᠥᠭᠦᠷᠥᠮ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠯ ᠢ | ᠱᠠᠯᠠᠪᠳᠠᠭᠤᠯᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠨᠥᠬᠦᠴᠡᠯ ᠢ ᠪᠥᠷᠢᠯᠳᠦᠬᠦᠯᠦᠨᠡ᠃ | | ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠭᠵᠢᠯᠲᠡ ᠶᠢᠨ ᠬᠦᠴᠦᠨ ᠢ ᠨᠡᠮᠡᠭᠳᠡᠭᠦᠯᠦᠨ᠎ᠡ᠃ | G 5511 ᠠᠨ ᠶᠧ ᠠᠴᠠ ᠭᠦᠩᠵᠦ ᠶᠢᠨ ᠳᠠᠯᠠᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠤᠭᠤᠴᠠᠭ᠎ᠠ ᠶᠣᠰᠣᠭᠠᠷ ᠠᠵᠢᠯ ᠳᠠᠭᠤᠰᠬᠠᠬᠤ ᠶᠢ | ᠪᠠᠲᠤᠯᠠᠨ᠎ᠠ᠃ ᠠᠨ ᠶᠧ ᠠᠴᠠ ᠭᠦᠩᠵᠦ ᠶᠢᠨ ᠳᠠᠯᠠᠩ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠳᠠᠭᠠᠤ ᠳᠠᠬᠢ | ᠰᠤᠮᠤ ᠪᠠᠯᠭᠠᠰᠤᠨ ᠳᠤ ᠬᠠᠶᠢᠷ ᠴᠢᠯᠠᠭᠤᠨ ᠵᠠᠮ ᠳᠡᠪᠢᠰᠬᠦ ᠪᠠ ᠰᠠᠩ ᠤᠨ ᠳᠠᠯᠠᠶ ᠪᠠᠯᠭᠠᠰᠤ ᠶᠢᠨ ᠵᠡᠭᠡᠯᠢ ᠭᠤᠳᠤᠮᠵᠢ ᠶᠢᠨ | ᠪᠠᠷᠤᠭᠰᠢᠨ ᠭᠠᠳᠠᠷᠭᠤ ᠶᠢ ᠳᠡᠪᠢᠰᠬᠦ ᠢᠨᠵᠧᠨᠧᠷᠢᠩ ᠢ ᠬᠡᠷᠡᠭᠵᠢᠭᠦᠯᠬᠦ ᠪᠠᠷ ᠢᠳᠡᠪᠬᠢᠯᠡᠨ ᠴᠢᠷᠮᠠᠶᠢᠨ᠎ᠠ᠃ ᠳᠡᠭᠡᠳᠦ ᠱᠠᠲᠤᠨ ᠠᠴᠠ | 1. 42 ᠳ᠋ᠦᠩᠰᠢᠭᠤᠷ ᠲᠥᠭᠦᠷᠢᠭ ᠡᠷᠡᠮᠡᠯᠵᠡᠵᠦ᠂ ᠨᠠᠷᠠᠲᠤ ᠰᠤᠮᠤ ᠠᠴᠠ ᠵᠢᠭᠠᠰᠤᠲᠠᠢ ᠰᠤᠮᠤ ᠬᠦᠷᠬᠦ ᠵᠠᠮ ᠢ ᠰᠢᠨᠡᠳᠭᠡᠨ᠂ | ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠠᠴᠠ ᠪᠠᠭ᠎ᠠ ᠵᠢᠭᠠᠰᠤᠲᠠᠢ ᠨᠠᠭᠤᠷ ᠤᠨ ᠦᠵᠡᠮᠵᠢ ᠶᠢᠨ ᠣᠷᠣᠨ ᠬᠦᠷᠬᠦ ᠵᠠᠮ ᠢ | ᠠᠷᠠᠴᠢᠯᠠᠬᠤ᠂ 510 ᠤᠯᠤᠰ ᠤᠨ ᠳᠡᠰ ᠤᠨ ᠵᠠᠮ ᠢ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ | ᠲᠥᠯᠥᠪᠯᠡᠵᠦ ᠪᠠᠶᠢᠨ᠎ᠠ᠃ ᠵᠢᠶ ᠲᠦᠩ ᠺᠣᠮᠫᠠᠨᠢ ᠲᠠᠢ ᠬᠠᠷᠢᠯᠴᠠᠵᠤ ᠰᠠᠩ ᠤᠨ ᠳᠠᠯᠠᠶ ᠪᠠᠯᠭᠠᠰᠤᠨ ᠳᠠᠬᠢ ᠵᠢᠨᠢᠩ ᠠᠴᠠ | ᠲᠦᠩᠯᠢᠶᠣᠤ ᠬᠦᠷᠬᠦ ᠲᠡᠮᠦᠷ ᠵᠠᠮ ᠪᠠ 207 ᠤᠯᠤᠰ ᠤᠨ ᠳᠡᠰ ᠤᠨ ᠵᠠᠮ ᠤᠨ ᠠᠭᠤᠯᠵᠠᠷ ᠤᠨ ᠬᠥᠭᠦᠷᠭᠡ ᠶᠢ ᠥᠷᠭᠡᠳᠬᠡᠬᠦ | ᠢᠨᠵᠧᠨᠧᠷᠢᠩ ᠢ ᠬᠡᠷᠡᠭᠵᠢᠭᠦᠯᠦᠨ᠎ᠡ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ | ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠲᠥᠷᠥᠯ ᠵᠦᠢᠯ ᠤᠨ | ᠵᠥᠪᠰᠢᠶᠡᠷᠡᠯ ᠢ ᠣᠯᠬᠤ ᠪᠠᠷ ᠴᠢᠷᠮᠠᠶᠢᠨ᠎ᠠ᠃ | | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠣᠷᠤᠯᠭ᠎ᠠ ᠶᠢ ᠨᠡᠮᠡᠭᠳᠡᠭᠦᠯᠬᠦ ᠪᠠᠷ | ᠴᠢᠷᠮᠠᠶᠢᠨ᠎ᠠ᠃ | | ᠰ᠊ᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠬᠤ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢ ᠦᠷᠭᠦᠯᠵᠢᠯᠡᠨ ᠴᠢᠬᠤᠯᠠᠴᠢᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠬᠦ ᠡᠷᠴᠢᠮ | ᠢᠶᠠᠨ ᠴᠢᠩᠭᠠᠷᠠᠭᠤᠯᠵᠤ᠂ ︽ᠭᠤᠷᠪᠠᠨ ᠰᠢᠯᠢᠳᠡᠭ ᠤᠨ ᠢᠨᠵᠧᠨᠧᠷᠢᠩ︾᠂ ︽ᠰᠤᠷᠭᠠᠨ ᠬᠥᠮᠦᠵᠢᠯ ᠤᠨ ᠵᠠᠯᠠᠭᠤ ᠰᠣᠳᠣᠨ︾ | ᠂ ︽ᠰᠢᠯᠢᠳᠡᠭ ᠳᠠᠭᠠᠭᠤᠯᠤᠭᠴᠢ ᠶᠢᠨ ᠢᠨᠵᠧᠨᠧᠷᠢᠩ︾᠂ ︽ᠵᠢᠱᠢᠶᠡᠴᠢ ᠰᠤᠷᠭᠠᠭᠤᠯᠢ︾ ᠪᠠᠶᠢᠭᠤᠯᠵᠤ᠂ ᠪᠣᠳᠠᠲᠤ ᠦᠷ᠎ᠡ | ᠪᠦᠳᠦᠮᠵᠢ ᠭᠠᠷᠭᠠᠬᠤ ᠪᠠᠷ ᠴᠢᠷᠮᠠᠶᠢᠨ᠎ᠠ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳ᠋ᠦᠩᠨᠡᠵᠦ ᠬᠥᠬᠢᠬᠦᠯᠬᠦ᠂ ᠵᠠᠯᠠᠭᠤ ᠺᠠᠳ᠋ᠷ | ᠢ ᠬᠥᠮᠦᠵᠢᠭᠦᠯᠬᠦ ᠪᠠ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠵᠠᠬᠢᠷᠤᠯ ᠢ ᠬᠥᠮᠦᠵᠢᠭᠦᠯᠬᠦ ᠵᠡᠷᠭᠡ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠣᠳᠣ ᠶᠢᠨ ᠪᠠᠶᠢᠭ᠎ᠠ ᠪᠠᠭᠰᠢ ᠶᠢᠨ ᠬᠦᠴᠦᠨ ᠢ ᠵᠣᠬᠢᠰᠲᠠᠢ ᠲᠣᠬᠢᠷᠠᠭᠤᠯᠬᠤ ᠪᠠ ᠪᠠᠭᠰᠢ ᠤᠷᠢᠨ ᠬᠡᠷᠡᠭᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠭᠠᠳᠠᠨ᠎ᠠ ᠠᠴᠠ ᠤᠷᠢᠭᠰᠠᠨ | ᠪᠠᠭᠰᠢ᠂ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠲᠤᠯᠤᠨ ᠨᠠᠭᠤᠷ ᠤᠨ ᠭᠤᠷᠪᠠᠳᠤᠭᠠᠷ | ᠳᠤᠮᠳᠠᠳᠤ ᠰᠤᠷᠭᠠᠭᠤᠯᠢ ᠯᠤᠭ᠎ᠠ ᠶᠢᠨ ᠬᠠᠮᠵᠢᠯᠴᠠᠭᠠᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ 800 ᠪᠠᠭᠰᠢ ᠳᠤ | ᠪᠣᠯᠪᠠᠰᠤᠷᠠᠯ ᠬᠦᠷᠲᠡᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ | ᠶᠢ ᠯᠠᠪᠳᠠᠭᠤᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠡᠯᠰᠡᠭᠳᠡᠬᠦ ᠨᠣᠷᠮ᠎ᠠ ᠨᠢ 5 % ᠪᠠᠷ ᠳᠡᠭᠡᠭᠰᠢᠯᠡᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠬᠦ ᠨᠣᠷᠮ᠎ᠠ ᠨᠢ | 6 % ᠪᠠᠷ ᠳᠡᠭᠡᠭᠰᠢᠯᠡᠨ᠂ ᠬᠤᠶᠠᠳᠤᠭᠠᠷ ᠳᠤᠮᠳᠠᠳᠤ ᠰᠤᠷᠭᠠᠭᠤᠯᠢ ᠶᠢ ︽ᠥᠪᠡᠷᠲᠡᠭᠡᠨ ᠵᠠᠰᠠᠬᠤ ᠣᠷᠣᠨ ᠤ ᠲᠡᠰ ᠤᠨ | ᠬᠤᠰᠢᠭᠤ ᠰᠢᠶᠠᠨ ᠤ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠣᠯᠭᠠᠬᠤ ᠪᠠᠷ ᠬᠦᠴᠦᠯᠡᠨ ᠴᠢᠷᠮᠠᠶᠢᠵᠤ᠂ | ᠰᠢᠯᠤᠭᠤᠨ ᠬᠥᠬᠡ ᠶᠢᠨ ᠬᠡᠦᠬᠡᠳ ᠤᠳ ᠲᠤ ᠭᠡᠷ ᠤᠨ ᠢᠶᠠᠨ ᠡᠭᠦᠳᠡᠨ ᠳᠤ ᠴᠢᠨᠠᠷᠯᠢᠭ ᠰᠤᠷᠭᠠᠨ ᠬᠦᠮᠦᠵᠢᠯ ᠬᠦᠷᠲᠡᠬᠦ ᠶᠢ | ᠴᠢᠷᠮᠠᠶᠢᠨ ᠪᠡᠶᠡᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ | ᠬᠦᠷᠲᠡᠭᠡᠵᠦ ᠬᠥᠭᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ | ᠤᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠡᠪᠴᠢᠶᠡᠨ ᠳᠠᠬᠢ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠥᠭᠡᠮᠡᠯᠵᠢᠬᠦᠯᠦᠭᠰᠡᠨ ᠪᠠᠶᠢᠳᠠᠯ ᠳᠤ ᠬᠢᠨᠠᠨ ᠲᠣᠭᠲᠠᠭᠠᠯᠲᠠ ᠬᠢᠬᠦ | ᠠᠵᠢᠯ ᠳᠤ ᠰᠠᠶᠢᠳᠤᠷ ᠪᠡᠯᠡᠳᠭᠡᠨ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠵᠢᠱᠢᠶ᠎ᠡ ᠦᠵᠡᠭᠦᠯᠬᠦ | ᠬᠡᠦᠬᠡᠳ ᠤᠨ ᠴᠡᠴᠡᠷᠯᠢᠭ ᠲᠤᠰ ᠪᠦᠷᠢ 1 ᠶᠢ ᠪᠠᠶᠢᠭᠤᠯᠬᠤ ᠪᠠᠷ ᠴᠢᠷᠮᠠᠶᠢᠨ᠎ᠠ᠃ ᠰᠤᠷᠭᠠᠨ ᠬᠥᠮᠦᠵᠢᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ | ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠠᠰᠠᠷ᠂ ᠲᠣᠭᠤᠭᠠᠨ ᠭᠡᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ︽ᠲᠠᠪᠤᠨ ᠬᠥᠮᠦᠵᠢᠯ | ᠢ ᠵᠡᠷᠭᠡ ᠪᠠᠷ ᠴᠢᠬᠤᠯᠠᠴᠢᠯᠠᠬᠤ︾ ᠶᠢ ᠪᠠᠷᠢᠮᠲᠠᠯᠠᠵᠤ᠂ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠤᠯᠤᠰ ᠢᠶᠠᠨ ᠬᠠᠶᠢᠷᠠᠯᠠᠬᠤ ᠬᠥᠮᠦᠵᠢᠯ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠰᠠᠶᠢᠲᠤᠷ ᠠᠳᠬᠤᠨ᠎ᠠ᠃ ︽ᠬᠡᠤᠬᠡᠳ ᠪᠠᠭᠠᠴᠤᠳ ᠢ ᠬᠠᠮᠠᠭᠠᠯᠠᠵᠤ ᠰᠤᠷᠭᠠᠭᠤᠯᠢ ᠶᠢᠨ ᠠᠮᠤᠷ ᠳᠥᠪᠰᠢᠨ ᠢ ᠪᠠᠲᠤᠯᠠᠬᠤ︾ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠪᠠᠭᠰᠢ ᠶᠢᠨ ᠬᠡᠪ ᠰᠤᠷᠲᠠᠯ ᠮᠤᠷᠠᠯ ᠬᠦᠮᠦᠵᠢᠯ ᠢ ᠦᠷᠭᠦᠯᠵᠢᠯᠡᠨ | ᠴᠢᠩᠭᠠᠳᠬᠠᠵᠤ᠂ ᠳᠠᠭᠤᠷᠢᠶᠠᠯ ᠪᠣᠯᠣᠭᠰᠠᠨ ᠪᠠᠭᠰᠢ ᠶᠢᠨ ᠡᠩᠨᠡᠭᠡ ᠶᠢ ᠲᠡᠭᠦᠯᠳᠡᠷᠵᠢᠬᠦᠯᠦᠨ᠂ ᠪᠠᠭᠰᠢ ᠪᠠᠨ ᠬᠦᠨᠳᠦᠳᠭᠡᠨ᠂ | ᠰᠤᠷᠭᠠᠨ ᠬᠥᠮᠦᠵᠢᠯ ᠢ ᠴᠢᠬᠤᠯᠠᠴᠢᠯᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ | | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠦᠨ᠎ᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠶ ᠰᠠᠯᠠᠭᠠᠨ ᠤ | ᠴᠢᠳᠠᠪᠤᠷᠢ ᠶᠢᠨ ᠪᠠᠶᠢᠭᠤᠯᠤᠯᠲᠠ᠂ ᠬᠤᠰᠢᠭᠤ ᠰᠢᠶᠠᠨ ᠤ ᠳᠡᠰ ᠤᠨ ᠶᠡᠷᠦᠩᠬᠡᠶᠢᠯᠡᠭᠰᠡᠨ ᠡᠮᠴᠢᠯᠡᠭᠡᠨ ᠤ ᠬᠠᠮᠲᠤ ᠶᠢᠨ ᠴᠣᠭᠴᠠ | ᠶᠢᠨ ᠪᠠᠶᠢᠭᠤᠯᠤᠯᠲᠠ᠂ ᠡᠮᠴᠢᠯᠡᠭᠡᠨ ᠤ ᠦᠶᠯᠡᠴᠢᠯᠡᠭᠡ ᠶᠢ ᠰᠠᠶᠢᠵᠢᠷᠠᠭᠤᠯᠬᠤ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ | ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠢ ᠲᠥᠭᠡᠮᠡᠯᠵᠢᠭᠦᠯᠦᠨ | ᠲᠡᠩᠴᠡᠭᠦᠷᠢᠰᠢᠭᠦᠯᠦᠨ᠎ᠡ᠃ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ | ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠬᠤᠰᠢᠭᠤ ᠲᠡᠰ ᠤᠨ 5 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠵᠤ᠂ 1 | ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠡᠷᠡᠮᠡᠯᠵᠡᠯᠡᠨ᠎ᠡ᠃ ᠬᠢᠲᠠᠳ ᠮᠣᠩᠭᠤᠯ ᠡᠮ ᠡᠮᠨᠡᠯᠭᠡ ᠶᠢ | ᠬᠦᠭᠵᠢᠬᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠬᠢᠲᠠᠳ᠂ ᠮᠣᠩᠭᠤᠯ ᠡᠮᠨᠡᠯᠭᠡ ᠶᠢᠨ ᠳᠠᠰᠤᠭ ᠢ ᠲᠠᠰ ᠳᠡᠪᠰᠢᠭᠦᠯᠬᠦ | ᠠᠵᠢᠯ ᠢ ᠯᠠᠪᠳᠠᠭᠤᠨ ᠢᠶᠠᠷ ᠠᠬᠢᠭᠤᠯᠤᠨ᠂ 90 % ᠶᠢ ᠨᠢ ᠰᠢᠯᠢᠳᠡᠭ ᠤᠨ ᠪᠠᠷᠢᠮᠵᠢᠶᠠᠨ ᠳᠤ ᠬᠦᠷᠭᠡᠨ᠎ᠡ᠃ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠭᠡᠨ᠂ | ᠬᠤᠰᠢᠭᠤ ᠡᠮᠨᠡᠯᠭᠡ ᠶᠢᠨ ᠬᠤᠷᠢᠶᠠᠨ ᠤ ᠳᠡᠰ ᠳᠡᠪᠰᠢᠨ ᠰᠢᠯᠢᠳᠡᠭᠵᠢᠬᠦ ᠶᠢ ᠠᠬᠢᠭᠤᠯᠤᠨ᠎ᠠ᠃ ᠡᠮᠨᠡᠯᠭᠡ ᠶᠢᠨ ᠬᠤᠷᠢᠶᠠᠨ ᠤ | ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠲᠡᠰ ᠳᠡᠪᠰᠢᠭᠦᠯᠵᠦ᠂ ᠶᠡᠷᠦᠩᠬᠡᠢ ᠡᠮᠨᠡᠯᠭᠡ ᠶᠢᠨ ᠬᠤᠷᠢᠶᠠᠨ ᠤ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠳᠥᠷᠪᠡᠨ | ᠬᠠᠮᠤᠭ ᠤᠨ ᠴᠢᠩᠭ᠎ᠠ︾ ᠪᠠᠷᠢᠮᠵᠢᠶ᠎ᠠ ᠪᠠᠷ ᠡᠮ ᠪᠠ ᠬᠦᠨᠡᠰᠦᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠰᠠᠶᠢᠲᠤᠷ | ᠠᠳᠬᠤᠵᠤ᠂ ᠤᠯᠤᠰ ᠤᠨ ᠳᠡᠰ ᠤᠨ ︽ᠡᠷᠡᠭᠦᠯ ᠬᠠᠮᠠᠭᠠᠯᠠᠯ︾ ᠤᠨ ᠬᠤᠲᠠ᠂ ᠤᠯᠤᠰ ᠤᠨ ᠳᠡᠰ ᠤᠨ ᠬᠦᠨᠡᠰᠦᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ | | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠨᠡᠮᠡᠭᠳᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ | ᠨᠥᠬᠦᠪᠥᠷᠢ᠂ ᠪᠠᠭ᠎ᠠ ᠲᠣᠭᠠᠨ ᠤ ᠪᠠᠷᠢᠴᠠᠭᠠᠲᠤ ᠵᠢᠭᠡᠯᠡᠯᠭᠡ ᠵᠡᠷᠭᠡ ᠡᠯ᠎ᠡ ᠵᠦᠢᠯ ᠤᠨ ᠠᠵᠢᠯ ᠣᠯᠭᠤᠯᠲᠠ ᠶᠢ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ | ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ | ᠣᠯᠬᠤ ᠳᠤ ᠲᠤᠰᠠᠯᠠᠨ᠎ᠠ᠃ ᠲᠤᠰ ᠵᠢᠯ ᠳᠤ 900 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠯᠪᠢᠵᠤ᠂ | ᠬᠤᠲᠠ ᠪᠠᠯᠭᠠᠰᠤᠨ ᠤ 800 ᠭᠠᠷᠤᠢ ᠬᠦᠮᠦᠨ ᠳᠤ ᠰᠢᠨ᠎ᠡ ᠪᠠᠷ ᠠᠵᠢᠯ ᠣᠯᠭᠤᠨ᠂ 500 ᠮᠠᠯᠴᠢᠨ ᠲᠠᠷᠢᠶᠠᠴᠢᠳ ᠢ | ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 3 % ᠶᠢᠨ ᠳᠣᠲᠣᠷ᠎ᠠ | ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶᠢᠷᠡᠭᠦᠯᠵᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠳᠤ ᠪᠠᠶᠢᠯᠭᠠᠨ᠎ᠠ᠃ | ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠭᠡᠵᠦ᠂ 1200 ᠬᠦᠮᠦᠨ ᠢ ᠰᠢᠨ᠎ᠡ ᠪᠠᠷ ᠳᠠᠭᠠᠳᠬᠠᠯ ᠳᠤ | ᠣᠷᠤᠭᠤᠯᠤᠨ᠎ᠠ᠃ ᠲᠣᠭᠲᠠᠭᠠᠯ ᠠᠴᠠ ᠵᠥᠷᠢᠴᠡᠭᠰᠡᠨ ᠣᠩᠭᠤᠨ ᠤ ᠭᠠᠵᠠᠷ ᠢ ᠴᠡᠭᠴᠡᠯᠡᠬᠦ ᠠᠵᠢᠯ ᠤᠨ ᠦᠷ᠎ᠡ ᠪᠦᠳᠦᠮᠵᠢ ᠶᠢ | ᠪᠠᠬᠢᠵᠢᠭᠦᠯᠦᠨ᠂ ᠣᠷᠣᠰᠢᠭᠤᠯᠭ᠎ᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠨᠡᠶᠢᠲᠡ ᠶᠢᠨ ᠠᠰᠠᠷᠠᠮᠵᠢ | ᠶᠢᠨ ᠴᠢᠨᠠᠷᠲᠠᠶ ᠣᠩᠭᠤᠨ ᠤ ᠲᠥᠷᠥᠯ ᠵᠦᠶᠯ ᠢ ᠠᠰᠢᠭᠯᠠᠯᠲᠠ ᠳᠤ ᠣᠷᠤᠭᠤᠯᠤᠨ᠎ᠠ᠃ ᠴᠢᠳᠠᠪᠤᠷᠢᠲᠠᠨ ᠤᠷᠢᠬᠤ ᠱᠠᠩᠨᠠᠯ | ᠨᠥᠬᠦᠪᠥᠷᠢ ᠶᠢᠨ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ 2024 ᠣᠨ ᠳᠤ ᠠᠵᠢᠯ ᠦᠢᠯᠡᠰ | ᠤᠨ ᠨᠢᠭᠡᠴᠡ ᠶᠢᠨ ᠠᠵᠢᠯᠲᠠᠨ ᠢ ᠢᠯᠡ ᠪᠠᠷ ᠤᠷᠢᠨ ᠬᠡᠷᠡᠭᠯᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ | ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠲᠡᠮᠡᠴᠡᠵᠦ᠂ ᠰᠠᠩ ᠤᠨ | ᠳᠠᠯᠠᠢ ᠳᠠᠬᠢ ᠴᠡᠷᠢᠭ ᠤᠨ ᠬᠠᠩᠭᠠᠯᠭ᠎ᠠ ᠶᠢᠨ ᠥᠷᠲᠡᠭᠡᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ | | ︵ᠳᠣᠯᠤᠭ᠎ᠠ︶ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠠᠮᠤᠷ ᠲᠣᠭᠲᠠᠭᠤᠨ ᠢ | ᠪᠠᠲᠤᠯᠠᠨ᠎ᠠ᠃ | | ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠭᠦᠨᠵᠡᠭᠡᠢ ᠥᠷᠨᠢᠭᠦᠯᠵᠦ᠂ ᠲᠣᠭᠲᠠᠭᠰᠠᠨ ᠬᠤᠭᠤᠴᠠᠭᠠᠨ ᠳᠤ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ | ︽ᠠᠮᠤᠷ ᠠᠮᠤᠭᠤᠯᠠᠩ ᠰᠢᠯᠤᠭᠤᠨ ᠬᠥᠬᠡ ᠬᠤᠰᠢᠭᠤ︾ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︽ᠵᠢᠷᠭᠤᠭ᠎ᠠ ᠶᠢ ᠰᠡᠷᠭᠡᠶᠢᠯᠡᠵᠦ ᠲᠠᠪᠤ ᠶᠢ ᠡᠵᠡᠮᠳᠡᠬᠦ ᠳᠥᠷᠪᠡ ᠶᠢ ᠠᠬᠢᠭᠤᠯᠬᠤ︾ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ︽ᠣᠶᠤᠨᠴᠢᠯᠠᠭᠰᠠᠨ︾ ᠬᠢᠷᠢ ᠲᠦᠪᠰᠢᠨ ᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ | ᠰᠠᠬᠢᠨ ᠬᠠᠮᠠᠭᠠᠯᠠᠨ᠎ᠠ᠃ ᠤᠳᠤᠷᠢᠳᠤᠯᠭ᠎ᠠ ᠠᠴᠠ ᠬᠠᠷᠢᠭᠤᠴᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ | ᠦᠨᠳᠦᠰᠦᠨ ᠱᠠᠲᠤᠨ ᠳᠤ ᠭᠦᠨᠵᠡᠭᠡᠶᠢᠷᠡᠨ ᠰᠤᠷᠪᠤᠯᠵᠢᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠠᠷᠢᠯᠭᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ | ᠦᠭᠡ ᠪᠠᠶᠢᠪᠠᠯ ᠬᠡᠯᠡᠬᠦ ᠭᠠᠵᠠᠷ ᠲᠠᠢ᠂ ᠬᠦᠴᠢᠷ ᠪᠠᠶᠢᠪᠠᠯ ᠬᠠᠪᠰᠤᠷᠬᠤ ᠬᠥᠮᠦᠨ ᠲᠠᠢ᠂ ᠤᠴᠢᠷ ᠪᠠᠶᠢᠪᠠᠯ ᠬᠠᠮᠢᠶᠠᠷᠬᠤ ᠬᠥᠮᠦᠨ | ᠲᠠᠢ ᠪᠠᠶᠢᠬᠤ ᠶᠢ ᠪᠠᠲᠤᠯᠠᠨ᠎ᠠ᠃ ︽ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ ︵ | ᠰᠢᠶᠠᠨ︶︾ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ | | ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ | ᠥᠭᠴᠡᠭᠡ ᠶᠢ ᠠᠮᠢᠳᠤᠯᠢᠭ ᠢᠶᠠᠷ ᠬᠢᠨᠠᠨ ᠪᠠᠶᠢᠴᠠᠭᠠᠬᠤ ᠪᠠ ᠲᠦᠭᠰᠢᠭᠦᠷᠢ ᠶᠢ ᠤᠷᠢᠳᠴᠢᠯᠠᠨ ᠮᠠᠭᠠᠳᠯᠠᠬᠤ ᠶᠢ ᠴᠢᠩᠭᠠᠳᠬᠠᠵᠤ᠂ | ᠥᠷᠢ ᠥᠭᠴᠡᠭᠡ ᠶᠢ ᠬᠠᠤᠯᠢ ᠶᠣᠰᠣᠭᠠᠷ ᠠᠷᠢᠯᠭᠠᠨ᠂ ᠳᠠᠯᠳᠠ ᠥᠷᠢ ᠰᠢᠷᠢ ᠶᠢᠨ ᠨᠡᠮᠡᠭᠳᠡᠯ ᠢ ᠡᠷᠡᠰ ᠬᠤᠷᠢᠭᠯᠠᠵᠤ᠂ ᠵᠠᠰᠠᠭ | ᠤᠨ ᠣᠷᠳᠣᠨ ᠠᠴᠠ ᠥᠷᠢ ᠥᠭᠴᠡᠭᠡᠨ ᠤ ᠳᠦᠭᠰᠢᠭᠦᠷᠢ ᠭᠠᠷᠬᠤ ᠦᠭᠡᠢ ᠪᠠᠶᠢᠬᠤ ᠶᠢ ᠪᠠᠲᠤᠯᠠᠵᠤ᠂ ᠥᠷᠢ ᠥᠭᠴᠡᠭᠡ ᠶᠢ | ᠠᠷᠢᠯᠭᠠᠬᠤ ᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠷᠪᠢᠯᠠᠨ ᠭᠠᠮᠨᠠᠵᠤ ᠵᠠᠷᠤᠯᠭ᠎ᠠ ᠪᠠᠨ ᠪᠠᠭᠠᠰᠬᠠᠨ᠂ | ᠡᠩ ᠤᠨ ᠵᠠᠷᠤᠯᠭ᠎ᠠ ᠶᠢ ᠳᠠᠬᠢᠨ 5 % ᠪᠠᠷ ᠪᠠᠭᠠᠰᠬᠠᠵᠤ᠂ ᠵᠣᠭᠤᠰ ᠮᠥᠩᠭᠦ ᠶᠢ ᠦᠨᠡᠨᠬᠦ ᠬᠡᠷᠡᠭᠴᠡᠭᠡ ᠲᠠᠢ ᠭᠠᠵᠠᠷ | ᠵᠠᠷᠤᠬᠤ ᠶᠢ ᠪᠠᠲᠤᠯᠠᠨ᠎ᠠ᠃ ᠪᠠᠩᠬᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠬᠤᠷᠢᠶᠠᠵᠤ ᠰᠢᠶᠳᠪᠦᠷᠢᠯᠡᠬᠦ ᠪᠠ ᠤᠯᠤᠰ ᠤᠨ | ᠥᠮᠴᠢᠯᠡᠯᠲᠦ ᠪᠠᠯᠠ ᠬᠤᠷᠠᠮᠳᠤᠭᠤᠯᠬᠤ ᠲᠠᠪᠴᠠᠩ ᠢ ᠴᠣᠮᠬᠠᠳᠬᠠᠬᠤ ᠠᠵᠢᠯ ᠢ ᠠᠬᠢᠭᠤᠯᠵᠤ᠂ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠰᠢᠢᠳᠪᠦᠷᠢᠯᠡᠵᠦ ᠳᠠᠭᠤᠰᠬᠠᠨ᠂ ᠮᠥᠩᠭᠦᠨ ᠭᠦᠶᠯᠭᠡᠭᠡᠨ ᠤ ᠬᠦᠷᠢᠶᠡᠨ ᠳᠠᠬᠢ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | | ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ | ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠣᠷᠪᠤᠰ ᠪᠠ ᠥᠪᠡᠷᠲᠡᠭᠡᠨ ᠵᠠᠰᠠᠬᠤ ᠣᠷᠣᠨ ᠤ 135 ᠵᠣᠷᠪᠤᠰ | ᠲᠣᠭᠲᠠᠭᠠᠯ ᠢ ᠴᠢᠩᠭ᠎ᠠ ᠪᠠᠷᠢᠮᠲᠠᠯᠠᠨ᠂ ᠠᠶᠣᠯᠭᠦᠢ ᠦᠶᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠴᠡᠭᠴᠡᠯᠡᠯᠲᠡ ᠶᠢᠨ | ᠠᠵᠢᠯ ᠳᠤ ᠢᠯᠡᠳᠳᠡ ᠠᠮᠵᠢᠯᠲᠠ ᠭᠠᠷᠭᠠᠨ᠎ᠠ᠃ ︽ᠠᠶᠤᠯᠭᠦᠢ ᠶᠢᠨ ᠵᠢᠱᠢᠯᠲᠡ + ᠬᠠᠤᠯᠢ ᠬᠡᠷᠡᠭᠵᠢᠭᠦᠯᠦᠯᠲᠡ + | ᠦᠶᠯᠡᠴᠢᠯᠡᠭᠡ︾ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠮᠡᠷᠭᠡᠵᠢᠯ ᠤᠨ | ᠪᠠᠶᠢᠴᠠᠭᠠᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠨᠥᠬᠦᠴᠡᠯ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠶᠡᠷᠦ ᠪᠤᠰᠤ ᠶᠢᠨ ᠴᠠᠭ ᠠᠭᠤᠷ ᠢ ᠠᠷᠭᠠᠴᠠᠬᠤ ᠠᠵᠢᠯ ᠢ ᠦᠷᠭᠦᠯᠵᠢᠯᠡᠨ | ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ | ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ | | ᠡᠭᠦᠨ ᠤ ᠬᠠᠮᠲᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ | ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ | ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠵᠡᠮᠳᠡᠭᠴᠦᠳ ᠤᠨ ᠬᠤᠯᠪᠤᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠤᠯᠠᠨ ᠲᠦᠮᠡᠨ ᠤ | ᠪᠦᠯᠬᠦᠮ ᠨᠢᠭᠡᠴᠡ᠂ ᠨᠡᠶᠢᠭᠡᠮ ᠤᠨ ᠪᠦᠯᠬᠦᠮ ᠨᠢᠭᠡᠴᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠢᠨᠠᠨ ᠪᠤᠳᠤᠯᠳᠠ | ᠂ ᠲᠤᠭ᠎ᠠ ᠪᠦᠷᠢᠳᠬᠡᠯ᠂ ᠴᠠᠭ ᠠᠭᠤᠷ᠂ ᠭᠠᠵᠠᠷ ᠬᠥᠳᠡᠯᠦᠯᠲᠡ᠂ ᠲᠡᠦᠬᠡ ᠣᠶᠢᠯᠠᠯᠭ᠎ᠠ᠂ ᠳᠠᠩᠰᠠ ᠡᠪᠬᠡᠮᠡᠯ ᠤᠨ ᠠᠵᠢᠯ ᠳᠤ | ᠰᠢᠨ᠎ᠡ ᠠᠮᠵᠢᠯᠲᠠ ᠤᠯᠬᠤ ᠶᠢ ᠠᠬᠢᠭᠤᠯᠤᠨ᠎ᠠ᠃ | | ︵ᠨᠠᠶᠮᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠠᠬᠢᠯᠲᠠ ᠳᠠᠪᠰᠢᠯᠲᠠ ᠶᠢ ᠲᠡᠮᠡᠴᠡᠨ | ᠣᠯᠤᠨ᠎ᠠ᠃ | | ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠦᠵᠡᠯ | ᠤᠬᠠᠮᠰᠠᠷ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠬᠤ︾ ᠶᠢ ᠡᠷᠡᠰ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠭᠦᠢᠴᠡᠳᠭᠡᠬᠦ ᠴᠢᠳᠠᠪᠤᠷᠢ ᠪᠠᠨ ᠴᠢᠩᠭᠠᠳᠬᠠᠨ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ ᠤᠨ ᠱᠣᠭᠤᠮ ᠴᠢᠭᠯᠡᠯᠲᠡ ᠲᠦᠷᠦ ᠶᠢᠨ ᠪᠣᠳᠤᠯᠭ᠎ᠠ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠵᠢᠯ | ᠤᠨ ᠱᠠᠭᠠᠷᠳᠠᠯᠭ᠎ᠠ ᠶᠢ ᠭᠤᠶᠢᠪᠢᠰᠢ ᠥᠬᠡᠶ ᠪᠠᠷᠢᠮᠲᠠᠯᠠᠨ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠤ᠂ ᠠᠯᠪᠠ ᠬᠠᠰᠢᠬᠤ ᠦᠭᠡᠢ᠂ ᠰᠤᠩᠭᠤᠯᠲᠠ ᠬᠢᠬᠦ ᠦᠭᠡᠢ᠂ ᠳᠦᠭᠦᠮᠴᠢᠯᠡᠬᠦ ᠦᠭᠡᠢ ᠪᠠᠶᠢᠬᠤ ᠶᠢ ᠪᠠᠷᠢᠮᠲᠠᠯᠠᠨ᠂ | ᠠᠵᠢᠯ ᠤᠨ ᠨᠠᠶᠢᠳᠠᠪᠤᠷᠢᠵᠢᠭᠤᠯᠤᠯᠲᠠ ᠪᠠᠷ ᠬᠦᠭᠵᠢᠯᠲᠡ ᠶᠢ ᠠᠬᠢᠭᠤᠯᠤᠨ᠎ᠠ᠃ | | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠬᠢᠨᠠᠯᠲᠠ ᠪᠤᠯᠤᠨ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠤᠨ ᠬᠢᠨᠠᠯᠲᠠ ᠪᠠ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠲᠣᠰᠴᠤ᠂ ᠠᠷᠠᠳ | ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠬᠦᠨ ᠤ ᠳᠤᠷᠠᠳᠤᠯᠭ᠎ᠠ ᠶᠢ | ᠴᠢᠨᠠᠷᠲᠠᠢ ᠭᠦᠢᠴᠡᠳᠭᠡᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠬᠠᠤᠯᠢ ᠪᠠᠷ ᠵᠠᠰᠠᠬᠤ ᠰᠡᠳᠬᠢᠬᠦᠶ ᠪᠠ ᠠᠮᠢᠳᠤᠯᠢᠭ ᠢᠶᠠᠷ ᠵᠠᠰᠠᠬᠤ ᠠᠷᠭ᠎ᠠ ᠪᠠᠷᠢᠯ ᠢᠶᠠᠷ ᠬᠥᠭᠵᠢᠯᠲᠡ ᠶᠢ ᠠᠬᠢᠭᠤᠯᠬᠤ᠂ | ᠵᠥᠷᠢᠴᠡᠯ ᠢ ᠠᠷᠢᠯᠭᠠᠬᠤ᠂ ᠠᠶᠤᠯ ᠲᠦᠭᠰᠢᠭᠦᠷᠢ ᠶᠢ ᠠᠷᠭᠠᠴᠠᠭᠠᠬᠤ ᠶᠢ ᠪᠠᠷᠢᠮᠲᠠᠯᠠᠵᠤ᠂ ᠲᠥᠪ ᠭᠤᠤᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ᠬᠠᠤᠯᠢ ᠬᠡᠷᠡᠭᠵᠢᠬᠦᠯᠵᠦ ᠬᠢᠨᠠᠯᠲᠠ ᠲᠠᠯᠪᠢᠬᠤ ᠠᠵᠢᠯ ᠢ ᠡᠷᠴᠢᠮ ᠲᠠᠢ ᠪᠥᠭᠡᠳ | ᠨᠠᠶᠢᠷᠲᠠᠢ ᠥᠷᠨᠢᠬᠦᠯᠦᠨ᠎ᠡ᠃ | | ᠠᠷᠠᠳ ᠲᠦᠮᠡᠨ ᠳᠤ ᠦᠶᠯᠡᠴᠢᠯᠡᠬᠦ ᠶᠢ ᠦᠨᠡᠨᠬᠦ ᠦᠢᠯᠡᠳᠦᠯᠭᠡᠵᠢᠬᠦᠯᠦᠨ᠎ᠡ᠃ ︽ᠬᠡᠨ ᠤ ᠲᠥᠯᠥᠭᠡ︾ ᠭᠡᠳᠡᠭ ᠢ | ᠬᠡᠵᠢᠶᠡᠳᠡ ᠰᠡᠳᠬᠢᠵᠦ᠂ ᠠᠷᠠᠳ ᠲᠦᠮᠡᠨ ᠶᠠᠭᠤ ᠬᠦᠰᠡᠵᠦ ᠪᠠᠶᠢᠪᠠᠯ ᠪᠢᠳᠡ ᠶᠠᠭᠤ ᠬᠢᠵᠦ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠳᠤ ᠬᠤᠯᠪᠤᠭᠳᠠᠭᠰᠠᠨ ᠵᠦᠢᠯ ᠢ ᠦᠨᠡᠨ ᠬᠦ ᠠᠷᠠᠳ ᠲᠦᠮᠡᠨ ᠤ ᠰᠡᠳᠬᠢᠯ ᠳᠤ ᠰᠠᠭᠤᠭᠳᠠᠲᠠᠯᠠ ᠬᠢᠨ᠎ᠡ᠃ | ︽ᠬᠡᠨ ᠳᠤ ᠲᠦᠰᠢᠭᠯᠡᠬᠦ︾ ᠪᠠᠨ ᠦᠷᠭᠦᠯᠵᠢ ᠪᠤᠳᠤᠵᠤ᠂ ︽ᠳᠥᠷᠪᠡ ᠶᠢ ᠦᠨᠳᠦᠰᠦᠨ ᠱᠠᠲᠤᠨ ᠳᠤ ᠬᠦᠷᠭᠡᠬᠦ︾ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠤᠨ᠂ ᠣᠯᠠᠨ ᠲᠦᠮᠡᠨ ᠤ ᠳᠤᠮᠳᠠ ᠰᠠᠨᠠᠭᠠᠴᠢᠯᠠᠭ᠎ᠠ ᠠᠴᠠ ᠪᠠᠨ ᠠᠭᠤᠰᠤᠨ ᠣᠷᠣᠵᠤ᠂ | ᠠᠷᠠᠳ ᠤᠨ ᠬᠡᠷᠡᠭᠴᠡᠭᠡ ᠶᠢ ᠦᠨᠳᠦᠰᠦᠯᠡᠨ᠂ ᠠᠷᠭ᠎ᠠ ᠪᠣᠳᠤᠯᠭ᠎ᠠ ᠪᠠᠨ ᠲᠣᠭᠲᠠᠭᠠᠨ᠂ ᠵᠠᠰᠠᠭ ᠤᠨ ᠶᠠᠪᠤᠳᠠᠯ ᠢ ᠠᠷᠠᠳ | ᠲᠥᠮᠡᠨ ᠳᠤ ᠦᠢᠯᠡᠴᠢᠯᠡᠭᠦᠯᠦᠨ᠎ᠡ᠃ ︽ᠬᠡᠨ ᠪᠣᠯᠬᠤ︾ ᠭᠡᠳᠡᠭ ᠢᠶᠠᠨ ᠦᠷᠭᠦᠯᠵᠢ ᠲᠤᠩᠭᠠᠵᠤ᠂ ᠡᠭᠦᠷᠭᠡ ᠬᠠᠷᠢᠭᠤᠴᠠᠯᠭ᠎ᠠ | ᠪᠠᠨ ᠭᠦᠶᠴᠡᠳᠬᠡᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠥᠮᠡᠨ ᠳᠤ ᠦᠢᠯᠡᠴᠢᠯᠡᠵᠦ᠂ ᠥᠪᠡᠷ ᠤᠨ ᠶᠠᠳᠠᠷᠠᠯ | ᠵᠥᠳᠡᠷᠡᠯ ᠢᠶᠠᠷ ᠢᠶᠠᠨ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠪᠠᠶᠢᠭᠤᠯᠤᠨ᠎ᠠ᠃ | | ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︽ᠳᠣᠯᠤᠭᠠᠨ ᠵᠦᠢᠯ ᠢ ᠲᠠᠶᠠᠭᠳᠠᠬᠤ︾ ᠶᠢ ᠡᠷᠡᠰ | ᠪᠡᠶᠡᠯᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠂ ᠠᠰᠠᠭᠤᠳᠠᠯ ᠰᠢᠶᠳᠪᠦᠷᠢᠯᠡᠬᠦ ᠥᠬᠡᠶ | ᠬᠤᠭᠤᠰᠤᠨ ᠬᠤᠷᠠᠯ ᠬᠢᠬᠦ᠂ ᠪᠣᠳᠠᠲᠤ ᠠᠭᠤᠯᠭ᠎ᠠ ᠥᠬᠡᠶ ᠪᠢᠴᠢᠭ ᠮᠠᠲ᠋ᠧᠷᠢᠶᠠᠯ ᠲᠠᠷᠬᠠᠭᠠᠬᠤ᠂ ᠵᠢᠷᠤᠭ ᠰᠡᠭᠦᠳᠡᠷ ᠦᠯᠡᠳᠡᠭᠡᠵᠦ | ᠂ ᠪᠣᠳᠠᠲᠤ ᠪᠦᠳᠦᠮᠵᠢ ᠭᠠᠷᠭᠠᠬᠤ ᠦᠭᠡᠢ ᠪᠠᠶᠢᠬᠤ ᠶᠢ ᠡᠷᠡᠰ ᠳᠡᠪᠴᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ | ᠬᠦ ᠬᠦᠩᠭᠡᠷᠡᠭᠦᠯᠦᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠥᠷᠦᠰᠢᠶᠡᠨ ᠵᠠᠯᠠᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠵᠣᠷᠢᠭᠲᠠᠢ ᠠᠵᠢᠯᠯᠠᠭᠴᠢ ᠳᠤ ᠲᠤᠬᠢᠶᠠᠯ ᠬᠠᠩᠭᠠᠨ ᠥᠭᠴᠦ᠂ ᠪᠣᠳᠠᠲᠠᠢ ᠠᠵᠢᠯᠯᠠᠭᠴᠢ ᠳᠤ ᠲᠠᠪᠴᠠᠩ | ᠪᠠᠶᠢᠭᠤᠯᠤᠨ ᠥᠭᠴᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ | ᠪᠣᠯᠭᠠᠨ᠎ᠠ᠃ | | ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ | ᠳᠤ ᠲᠠᠯᠪᠢᠵᠤ᠂ ᠴᠢᠬᠡᠴᠢ ᠵᠠᠰᠠᠭ ᠢ ᠴᠢᠬᠤᠯᠠᠴᠢᠯᠠᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠥᠷᠨᠢᠬᠦᠯᠦᠨ᠎ᠡ᠃ ᠲᠥᠪ ᠤᠨ ᠨᠠᠶᠮᠠᠨ | ᠵᠣᠷᠪᠤᠰ ᠳᠥᠷᠢᠮ ᠲᠣᠭᠲᠠᠭᠠᠯ ᠪᠠ ᠨᠠᠷᠢᠨ ᠵᠦᠢᠯᠡᠰ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ︽ᠭᠤᠷᠪᠠᠨ ᠠᠷᠪᠢᠨ᠂ | ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠡᠳ᠋ ᠤᠨ ᠬᠦᠴᠦᠨ | ᠢᠶᠠᠨ ᠲᠥᠪᠯᠡᠷᠡᠭᠦᠯᠦᠨ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠨ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠠᠲᠤᠯᠠᠵᠤ᠂ ᠪᠦᠷᠢᠯᠭᠡᠨ ᠰᠦᠶᠳᠬᠡᠬᠦ ᠥᠬᠡᠶ᠂ ᠥᠩᠭᠡᠨ ᠲᠠᠯ᠎ᠠ ᠶᠢᠨ ᠠᠵᠢᠯ ᠬᠢᠬᠦ ᠥᠬᠡᠶ᠂ ᠬᠤᠳᠠᠯ | ᠬᠠᠭᠤᠷᠮᠠᠭ ᠠᠵᠢᠯ ᠤᠨ ᠪᠦᠲᠦᠮᠵᠢ ᠭᠠᠷᠭᠠᠬᠤ ᠥᠬᠡᠶ ᠪᠠᠶᠢᠵᠤ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾ ᠢᠶᠠᠷ | ᠠᠷᠠᠳ ᠣᠯᠠᠨ ᠤ ︽ᠵᠢᠷᠭᠠᠯᠲᠤ ᠠᠮᠢᠳᠤᠷᠠᠯ︾ ᠢ ᠰᠣᠯᠢᠵᠤ ᠠᠪᠴᠢᠷᠠᠨ᠎ᠠ᠃ | | ᠡᠳᠡᠭᠡᠷ ᠵᠦᠢᠯ ᠢ ᠪᠡᠶᠡᠯᠡᠬᠦᠯᠬᠦ ᠳᠤ ᠪᠢᠳᠡ ᠳᠣᠣᠷᠠᠬᠢ ᠬᠤᠶᠠᠷ ᠵᠦᠢᠯ ᠢ ᠴᠢᠩᠭ᠎ᠠ ᠪᠠᠷᠢᠮᠲᠠᠯᠠᠬᠤ ᠬᠡᠷᠡᠭᠳᠡᠢ᠃ ᠳᠠᠷᠤᠢ | ᠨᠢᠭᠡ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠡᠨᠡ ᠬᠦ ᠭᠤᠣᠯ ᠰᠢᠵᠢᠮ ᠢ ᠠᠵᠢᠯ ᠤᠨ ᠪᠦᠬᠦ ᠲᠠᠯ᠎ᠠ ᠳᠤ ᠲᠤᠤᠱᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ | ᠲᠤᠤᠱᠯᠠᠭᠤᠯᠬᠤ ᠶᠢᠨ ᠲᠤᠯᠠᠳᠠ ᠥᠪᠡᠷᠲᠡᠭᠡᠨ ᠵᠠᠰᠠᠬᠤ ᠣᠷᠣᠨ ᠠᠴᠠ ᠠᠪᠤᠭᠰᠠᠨ ᠠᠷᠭ᠎ᠠ ᠬᠡᠮᠵᠢᠶ᠎ᠡ ᠨᠦᠭᠦᠳ ᠢ ᠬᠢᠨᠠᠮᠠᠭᠠᠢ | ᠨᠠᠶᠢᠳᠠᠪᠤᠷᠢᠵᠢᠭᠤᠯᠵᠤ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠠᠵᠢᠯ ᠳᠤ ᠵᠢᠳᠬᠦᠯ ᠴᠢᠷᠮᠠᠶᠢᠯᠭ᠎ᠠ ᠭᠠᠷᠭᠠᠵᠤ᠂ ︽ | ᠵᠢᠷᠭᠤᠭᠠᠨ ᠪᠠᠳᠠᠭ ᠦᠭᠡᠨ︾ ᠤ ᠦᠢᠯᠡᠳᠦᠯᠭᠡ ᠪᠠ ᠤᠳᠬ᠎ᠠ ᠤᠴᠢᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ | ᠡᠯ᠎ᠡ ᠦᠨᠳᠦᠰᠦᠲᠡᠨ ᠤ ᠠᠷᠠᠳ ᠲᠦᠮᠡᠨ ᠢ ᠳᠠᠶᠢᠴᠢᠯᠠᠨ ︽ᠨᠠᠮ ᠳᠤ ᠪᠠᠨ ᠲᠠᠯᠠᠷᠬᠠᠵᠤ᠂ ᠨᠠᠮ ᠤᠨ ᠵᠢᠯᠣᠭᠤᠳᠤᠯᠭ᠎ᠠ ᠶᠢ | ᠬᠦᠯᠢᠶᠡᠵᠦ᠂ ᠨᠠᠮ ᠢᠶᠠᠨ ᠳᠠᠭᠠᠨ᠎ᠠ︾᠃ ᠬᠤᠶᠠᠷ ᠲᠤ᠂ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠦᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ | ᠣᠷᠣᠨ ᠪᠦᠰᠡ᠂ ᠪᠥᠬᠦ ᠠᠵᠢᠯ ᠤᠨ ᠶᠠᠪᠤᠴᠠ ᠳᠤ ᠲᠤᠤᠱᠯᠠᠭᠤᠯᠤᠨ᠂ ᠪᠣᠬᠢᠷᠳᠤᠯ ᠦᠭᠡᠢ ᠬᠦᠭᠵᠢᠯᠲᠡ ᠶᠢ ᠪᠥᠬᠦ ᠠᠵᠢᠯ ᠤᠨ | ᠬᠦᠷᠢᠶᠡᠨ ᠳᠤ ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠵᠤ᠂ | ᠨᠣᠭᠤᠭᠠᠷᠠᠭᠤᠯᠤᠯᠲᠠ ᠬᠢᠵᠦ᠂ ᠨᠡᠮᠡᠭᠳᠡᠯ ᠢ ᠠᠬᠢᠭᠤᠯᠤᠨ᠂ ᠰᠠᠶᠢᠨ ᠰᠠᠶᠢᠬᠠᠨ ᠪᠠᠶᠢᠭᠠᠯᠢ ᠣᠷᠴᠢᠨ ᠠᠮᠢ ᠠᠬᠤᠶ ᠪᠠᠷ | ᠰᠢᠯᠤᠭᠤᠨ ᠬᠥᠬᠡ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | | ᠲᠥᠯᠥᠭᠡᠯᠡᠭᠴᠢᠳ ᠡ᠂ ᠪᠢᠳᠡ ᠳᠡᠭᠡᠷᠡᠬᠢ ᠠᠵᠢᠯ ᠢ ᠰᠠᠶᠢᠲᠤᠷ ᠠᠳᠬᠤᠬᠤ ᠶᠢᠨ ᠬᠠᠮᠲᠤ ᠬᠦᠴᠦᠨ ᠢᠶᠠᠨ | ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠳᠣᠣᠷᠠᠬᠢ ᠮᠡᠲᠦ ᠠᠷᠪᠠᠨ ᠵᠦᠢᠯ ᠤᠨ ᠠᠵᠢᠯ ᠢ | ᠭᠤᠣᠯᠳᠠᠯᠭ᠎ᠠ ᠲᠠᠢ ᠬᠢᠬᠦ ᠪᠣᠯᠤᠨ᠎ᠠ᠂ ᠳᠠᠷᠤᠢ᠄ ᠨᠢᠭᠡ ᠳᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠯᠭ᠎ᠠ ᠶᠢ | ᠪᠠᠲᠤᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠤᠶᠠᠷ ᠲᠤ᠂ ᠱᠠᠩᠳᠤ ᠪᠠᠯᠭᠠᠰᠤᠨ ᠤ ᠰᠠᠭᠤᠭᠠᠯᠢ ᠲᠣᠭᠤᠷᠢᠭ ᠪᠦᠬᠦᠨ ᠳᠤ | ᠥᠮᠴᠢᠲᠡᠨ ᠤ ᠵᠥᠪᠯᠡᠯ ᠪᠠᠶᠢᠭᠤᠯᠤᠨ᠎ᠠ᠃ ᠭᠤᠷᠪᠠ ᠳᠤ᠂ ᠰᠠᠩ ᠤᠨ ᠲᠡᠯᠡᠶ ᠪᠠᠯᠭᠠᠰᠤᠨ ᠤ ᠡᠪᠡᠰᠦᠨ ᠤ ᠦᠶᠯᠡᠰ ᠤᠨ | ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠬᠢᠨ᠎ᠠ᠃ ᠳᠥᠷᠪᠡ ᠳᠤ᠂ ᠬᠤᠰᠢᠭᠤ | ᠡᠮᠨᠡᠯᠭᠡ ᠶᠢᠨ ᠬᠤᠷᠢᠶᠠᠨ ᠤ ᠪᠠᠴᠢᠮ ᠠᠪᠤᠷᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠮᠡᠰᠡ ᠵᠠᠰᠠᠯ ᠤᠨ ᠳᠠᠰᠤᠭ ᠪᠠ ᠰᠢᠯᠭᠠᠨ | ᠪᠠᠶᠢᠴᠠᠭᠠᠯᠲᠠ ᠶᠢᠨ ᠲᠥᠪ ᠢ ᠬᠡᠷᠡᠭᠯᠡᠯᠲᠡ ᠳᠤ ᠣᠷᠤᠭᠤᠯᠤᠨ᠎ᠠ᠃ ᠲᠠᠪᠤ ᠳᠤ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠢ ᠪᠠᠶᠢᠭᠤᠯᠤᠨ᠎ᠠ᠃ ᠵᠢᠷᠭᠤᠭ᠎ᠠ ᠳᠤ᠂ ᠱᠠᠩᠳᠤ ᠪᠡᠶ᠎ᠡ ᠶᠢᠨ ᠲᠠᠮᠢᠷ ᠤᠨ ᠤᠷᠳᠤᠨ ᠢ ᠪᠠᠶᠢᠭᠤᠯᠤᠨ᠎ᠠ᠃ | ᠳᠣᠯᠤᠭ᠎ᠠ ᠳᠤ᠂ 50 ᠡᠷᠦᠬᠡ ᠣᠨᠴᠠ ᠬᠦᠴᠢᠷᠳᠡᠯᠲᠡᠢ ᠨᠠᠰᠤᠲᠠᠳ ᠤᠨ ᠦᠲᠡᠯᠦᠭᠡ ᠨᠠᠰᠤᠨ ᠤ ᠠᠮᠢᠳᠤᠷᠠᠯ ᠢ ᠬᠠᠯᠠᠮᠵᠢᠯᠠᠨ᠎ᠠ | ᠃ ᠨᠠᠢᠮᠠ ᠳᠤ᠂ ᠱᠠᠩᠳᠤ ᠪᠠᠯᠭᠠᠰᠤᠨ ᠤ ᠠᠳᠤᠭᠤᠨ ᠬᠤᠳᠳᠤᠭ ᠭᠠᠴᠠᠭ᠎ᠠ᠂ ᠰᠧᠯᠠᠩᠴᠧᠩ ᠭᠠᠴᠠᠭ᠎ᠠ ᠪᠠ ᠪᠣᠷᠣᠬᠤᠲᠠ ᠶᠢᠨ | ᠨᠢᠭᠡᠳᠦᠭᠡᠷ ᠰᠠᠭᠤᠭᠠᠯᠢ ᠠᠷᠠᠳ ᠤᠨ ᠵᠥᠪᠯᠡᠯ ᠤᠨ ᠤᠯᠠᠭᠠᠨ ᠭᠤᠤ ᠳᠤ ᠤᠰᠤ ᠬᠦᠷᠦᠰᠦᠨ ᠤ ᠬᠠᠮᠠᠭᠠᠯᠠᠯᠲᠠ ᠶᠢ ᠪᠠᠲᠤᠯᠠᠬᠤ | ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠥᠷᠨᠢᠬᠦᠯᠦᠨ᠎ᠡ᠃ ᠶᠢᠰᠦ ᠳᠤ᠂ ᠬᠠᠪᠢᠷᠭ᠎ᠠ ᠪᠠᠯᠭᠠᠰᠤᠨ ᠤ ᠴᠢᠩ ᠹᠧᠩ | ᠲᠣᠰᠬᠤᠨ᠂ ᠬᠦᠢᠰᠦ ᠶᠢᠨ ᠭᠤᠣᠯ ᠲᠣᠰᠬᠤᠨ᠂ ᠬᠤᠩ ᠰᠢᠩ ᠲᠣᠰᠬᠤᠨ ᠪᠠ ᠪᠣᠱᠣᠣᠳᠠᠢ ᠰᠣᠮᠣᠨ ᠤ ᠬᠦᠢᠰᠦ ᠶᠢᠨ ᠭᠤᠣᠯ | ᠭᠠᠴᠠᠭᠠᠨ ᠳᠤ ᠠᠭᠤᠯᠠᠨ ᠦᠶᠡᠷ ᠢ ᠰᠡᠷᠭᠡᠶᠢᠯᠡᠬᠦ ᠬᠠᠰᠢᠯᠭ᠎ᠠ ᠪᠠᠶᠢᠭᠤᠯᠤᠨ᠎ᠠ᠃ ᠠᠷᠪᠠ ᠳᠤ᠂ ᠰᠣᠮᠣ ᠪᠠᠯᠭᠠᠰᠤᠨ ᠤ ᠳᠡᠰ ᠤᠨ | ᠨᠠᠰᠤᠲᠠᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 1 ᠶᠢ ᠥᠭᠡᠷᠡᠴᠢᠯᠡᠨ ᠪᠠᠶᠢᠭᠤᠯᠤᠨ᠎ᠠ᠃ | | ᠲᠥᠯᠥᠭᠡᠯᠡᠭᠴᠢᠳ ᠡ᠂ ᠨᠥᠬᠦᠳ ᠡ᠂ ᠪᠢᠳᠡ ᠪᠦᠯᠬᠦᠮᠳᠡᠨ ᠨᠢᠭᠡᠳᠴᠦ ᠬᠦᠴᠦᠨ ᠢᠶᠠᠨ ᠬᠠᠮᠳᠤᠳᠬᠠᠨ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ | ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤ | ᠶᠢ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕ | | | | | | | | | ᠨᠡᠷ᠎ᠡ ᠦᠭᠡᠰ ᠤᠨ ᠲᠠᠶᠢᠯᠪᠤᠷᠢ | 1. ︽ᠬᠤᠶᠠᠷ ᠢ ᠰᠢᠯᠢᠳᠡᠭᠵᠢᠬᠦᠯᠬᠦ︾᠄ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ | ᠣᠷᠳᠣᠨ ᠤ ᠦᠶᠯᠡᠴᠢᠯᠡᠭᠡ ᠶᠢ ᠰᠢᠯᠢᠳᠡᠭᠵᠢᠭᠦᠯᠦᠨ᠎ᠡ᠃ | 2. ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠭᠤᠭᠠᠨ ᠵᠣᠷᠪᠤᠰ︾᠄ ᠠᠵᠤ ᠠᠬᠤᠶᠢᠯᠠᠯ ᠡᠷᠬᠢᠯᠡᠬᠦ ᠭᠠᠷ | ᠭᠦᠢᠴᠡᠳᠭᠡᠯ ᠬᠢᠬᠦ ᠴᠠᠭ ᠢ ᠬᠠᠭᠠᠰ ᠢᠶᠠᠷ ᠪᠠᠭᠠᠰᠬᠠᠵᠤ᠂ ᠳᠥᠰᠥᠯ ᠢ ᠬᠢᠨᠠᠨ ᠵᠥᠪᠰᠢᠶᠡᠷᠡᠬᠦ ᠴᠠᠭ ᠢ ᠬᠠᠭᠠᠰ ᠢᠶᠠᠷ ᠬᠠᠰᠤᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠰᠦᠯᠵᠢᠶ᠎ᠡ ᠪᠠᠷ ᠨᠡᠪᠲᠡᠷᠡᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠭᠠᠷᠳᠠᠮ ᠭᠦᠢᠴᠡᠳᠭᠡᠯ ᠬᠢᠬᠦ ᠳᠡᠭᠡᠨ ᠨᠢᠭᠡᠯᠡ ᠭᠠᠵᠠᠷ ᠣᠴᠢᠵᠤ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ | ᠭᠦᠶᠦᠵᠦ᠂ ᠬᠠᠤᠯᠢ ᠴᠠᠭᠠᠵᠠ ᠳᠥᠷᠢᠮ ᠲᠣᠭᠲᠠᠭᠠᠯ ᠤᠨ ᠦᠨᠳᠦᠰᠦᠯᠡᠯ ᠦᠭᠡᠶ ᠭᠡᠷᠡᠴᠢ ᠪᠦᠬᠦᠨ ᠢ ᠴᠥᠮ ᠬᠦᠴᠦᠨ ᠦᠭᠡᠶ | ᠪᠣᠯᠭᠠᠨ᠎ᠠ᠃ | 3. ︽ᠪᠠᠷᠢᠮᠵᠢᠶᠠᠲᠤ ᠭᠠᠵᠠᠷ︾᠄ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ᠂ ᠮᠦ ᠪᠦᠷᠢ ᠶᠢᠨ | ᠭᠠᠶᠢᠯᠢ ᠶᠢᠨ ᠣᠷᠤᠯᠭ᠎ᠠ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠶᠢᠨ ᠬᠡᠮᠵᠢᠶ᠎ᠡ᠂ ᠪᠠᠭᠲᠠᠭᠠᠮᠵᠢ ᠵᠡᠷᠭᠡ ᠶᠢ | ᠲᠣᠳᠤᠷᠬᠠᠶᠢᠯᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠤᠯᠤᠰ ᠤᠨ ᠥᠮᠴᠢᠯᠡᠯᠲᠦ ᠭᠠᠵᠠᠷ᠂ ᠠᠵᠤ ᠠᠬᠤᠶᠢᠯᠠᠯ ᠨᠢ | ᠪᠠᠷᠢᠮᠵᠢᠶ᠎ᠠ ᠶᠣᠰᠣᠭᠠᠷ ᠨᠡᠭᠡᠭᠡᠨ ᠠᠰᠢᠭᠯᠠᠵᠤ᠂ ᠬᠢᠨᠠᠨ ᠬᠠᠮᠢᠶᠠᠷᠬᠤ ᠨᠢᠭᠡᠴᠡ ᠠᠴᠠ ᠪᠠᠷᠢᠮᠵᠢᠶ᠎ᠠ ᠶᠣᠰᠤᠭᠠᠷ ᠰᠢᠯᠭᠠᠨ ᠬᠢᠨᠠᠳᠠᠭ | ᠠᠵᠤ ᠦᠢᠯᠡᠳᠪᠦᠷᠢ ᠶᠢᠨ ᠠᠵᠤ ᠦᠢᠯᠡᠰ ᠲᠤ ᠬᠡᠷᠡᠭᠯᠡᠳᠡᠭ ᠭᠠᠵᠠᠷ ᠢ ᠵᠢᠭᠠᠵᠤ ᠪᠤᠢ᠃ | 4. ︽ᠭᠤᠷᠪᠠᠨ ᠵᠦᠢᠯ ᠤᠨ ᠠᠯᠪᠠᠨ ᠵᠠᠷᠤᠳᠠᠯ︾᠄ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠵᠠᠷᠤᠳᠠᠯ᠂ ᠠᠯᠪᠠᠨ | ᠶᠠᠪᠤᠳᠠᠯ ᠤᠨ ᠵᠣᠴᠢᠯᠠᠬᠤ ᠵᠠᠷᠤᠳᠠᠯ᠂ ᠠᠯᠪᠠᠨ ᠤ ᠲᠡᠷᠭᠡᠨ ᠤᠨᠤᠭᠠᠨ ᠤ ᠵᠠᠷᠤᠳᠠᠯ ᠪᠣᠯᠤᠨ ᠠᠯᠪᠠᠨ ᠤ ᠡᠳ᠋ ᠪᠤᠳᠠᠰ | ᠬᠤᠳᠠᠯᠳᠤᠨ ᠠᠪᠬᠤ ᠵᠠᠷᠤᠳᠠᠯ᠃ | 5. ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ ᠨᠣᠷᠮ᠎ᠠ︾᠄ ᠬᠦᠯᠢᠶᠡᠨ ᠠᠪᠴᠤ ᠰᠢᠶᠳᠪᠦᠷᠢᠯᠡᠬᠦ ᠨᠣᠷᠮ᠎ᠠ᠂ | ᠰᠢᠶᠳᠪᠦᠷᠢᠯᠡᠵᠦ ᠳᠠᠭᠤᠰᠬᠠᠬᠤ ᠨᠣᠷᠮ᠎ᠠ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ᠃ | 6. ︽ᠬᠤᠶᠠᠷ ᠢ ᠲᠣᠭᠲᠠᠭᠠᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ ᠪᠠᠶᠢᠷᠢ | ᠰᠠᠭᠤᠷᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠬᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ | ᠰᠠᠭᠤᠷᠢ ᠶᠢ ᠲᠣᠭᠲᠠᠭᠠᠬᠤ᠃ | 7. ︽ᠬᠤᠶᠠᠷ ᠢ ᠬᠠᠮᠠᠭᠠᠯᠠᠬᠤ︾᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠪᠣᠯᠤᠨ ᠪᠦᠬᠦ ᠨᠠᠮ | ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠨ᠎ᠠ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | 8. ︽ᠵᠢᠷᠭᠤᠭᠠᠨ ᠵᠦᠢᠯ ᠤᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠢᠨᠵᠧᠨᠧᠷᠢᠩ᠂ | ᠳᠤᠯᠠᠭᠠᠯᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ | ᠤᠬᠠᠭᠠᠨ ᠪᠠᠷ ᠰᠢᠨ᠎ᠡ ᠶᠢ ᠡᠭᠦᠳᠬᠦ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ᠃ | 9. ︽ᠬᠤᠪᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ ᠶᠢ ᠠᠵᠤ ᠠᠬᠤᠶᠢᠯᠠᠯ ᠳᠤ ᠰᠢᠯᠵᠢᠬᠦᠯᠬᠦ︾᠄ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠠᠵᠤ ᠠᠬᠤᠶᠢᠯᠠᠯ | ᠪᠣᠯᠭᠠᠨ᠎ᠠ᠃ | 10. ︽ᠵᠢᠵᠢᠭ ᠠᠵᠤ ᠠᠬᠤᠶᠢᠯᠠᠯ ᠢ ᠬᠡᠪᠴᠢᠶᠡᠵᠢᠯ ᠤᠨ ᠠᠵᠤ ᠠᠬᠤᠶᠢᠯᠠᠯ ᠵᠦᠭ ᠬᠤᠪᠢᠷᠠᠭᠤᠯᠬᠤ︾᠄ ᠵᠢᠵᠢᠭ ᠠᠵᠤ | ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠨ ᠳᠡᠰ ᠳᠡᠪᠰᠢᠭᠦᠯᠦᠨ᠎ᠡ᠃ | 11. ︽ᠶᠢᠰᠦᠨ ᠣᠷᠣᠨ ᠬᠤᠶᠠᠷ ᠪᠦᠰᠡ ᠨᠢᠭᠡ ᠰᠠᠭᠤᠷᠢᠨ︾᠄ ᠨᠡᠭᠦᠳᠡᠯ ᠮᠠᠩᠬ᠎ᠠ ᠶᠢ ᠵᠠᠰᠠᠬᠤ ᠣᠷᠣᠨ᠂ ᠬᠠᠭᠠᠰ | ᠲᠣᠭᠲᠠᠮᠠᠯ ᠡᠯᠡᠰᠦ ᠶᠢ ᠵᠠᠰᠠᠬᠤ ᠣᠷᠣᠨ᠂ ᠲᠣᠭᠲᠠᠮᠠᠯ ᠡᠯᠡᠰᠦ ᠶᠢ ᠵᠠᠰᠠᠬᠤ ᠣᠷᠣᠨ᠂ ᠭᠤᠤᠯᠳᠠᠯᠭ᠎ᠠ ᠲᠠᠢ ᠣᠷᠣᠨ ᠢ | ᠰᠡᠷᠭᠦᠭᠡᠨ ᠵᠠᠰᠠᠬᠤ ᠣᠷᠣᠨ᠂ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠢ ᠰᠡᠷᠭᠦᠭᠡᠨ ᠵᠠᠰᠠᠬᠤ᠂ ᠠᠭᠤᠷᠬᠠᠶ ᠶᠢᠨ | ᠣᠷᠣᠨ ᠢ ᠰᠡᠷᠭᠦᠭᠡᠨ ᠵᠠᠰᠠᠬᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠣᠷᠣᠨ᠂ ᠬᠤᠵᠢᠷᠯᠢᠭ ᠭᠠᠵᠠᠷ ᠤᠨ ᠠᠮᠢ ᠠᠬᠤᠶ ᠶᠢ ᠵᠠᠰᠠᠬᠤ ᠣᠷᠣᠨ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠤᠷᠰᠢᠯᠲᠠ ᠶᠢᠨ ᠣᠷᠣᠨ᠃ ᠲᠡᠮᠦᠷ | ᠵᠠᠮ᠂ ᠵᠠᠰᠠᠮᠠᠯ ᠵᠠᠮ ᠤᠨ ᠬᠤᠶᠠᠷ ᠬᠠᠪᠢ ᠶᠢ ᠶᠡᠷᠦᠩᠬᠡᠶᠢᠯᠡᠨ ᠵᠠᠰᠠᠬᠤ᠃ ᠴᠢᠬᠢ ᠮᠣᠳᠤ ᠶᠢ ᠪᠣᠶᠢᠵᠢᠭᠤᠯᠬᠤ ᠰᠠᠭᠤᠷᠢᠨ᠃ | 12. ︽ᠲᠦᠮᠡ ᠮᠢᠩᠭᠠᠨ ᠲᠣᠰᠬᠤᠨ ᠤ ᠢᠨᠵᠧᠨᠧᠷᠢᠩ︾᠄ ᠰᠢ ᠶᠢᠨ ᠫᠢᠩ ᠨᠥᠬᠦᠷ ᠵᠧᠵᠢᠶᠠᠩ ᠮᠤᠵᠢ ᠳᠤ ᠠᠵᠢᠯᠯᠠᠵᠤ | ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ | ᠨᠢᠭᠡᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠮᠥᠨ᠃ ᠪᠦᠬᠦ ᠮᠤᠵᠢ ᠠᠴᠠ ᠲᠥᠮᠡᠨ ᠵᠠᠰᠠᠭ ᠵᠠᠬᠢᠷᠭᠠᠨ ᠤ ᠲᠣᠰᠬᠤᠨ ᠢ | ᠰᠣᠩᠭᠤᠵᠤ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠡᠭᠦᠨ ᠤ ᠳᠣᠲᠣᠷᠠᠬᠢ 1000 ᠲᠣᠰᠬᠤᠨ ᠢ ᠪᠦᠬᠦ ᠲᠠᠯ᠎ᠠ ᠪᠠᠷ | ᠴᠢᠨᠡᠭᠡᠯᠢᠭᠵᠢᠭᠰᠡᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠦᠳᠦᠭᠡᠨ ᠪᠠᠶᠢᠭᠤᠯᠤᠭᠰᠠᠨ᠃ | 13. ︽ᠵᠠᠮ ᠳᠡᠭᠡᠭᠦᠷ ᠬᠦᠭᠦᠷᠭᠡ ᠪᠠᠶᠢᠭᠤᠯᠬᠤ︾᠄ ᠲᠡᠮᠦᠷ ᠵᠠᠮ ᠪᠣᠯᠤᠨ ᠵᠠᠰᠠᠮᠠᠯ ᠵᠠᠮ ᠤᠨ ᠠᠭᠤᠯᠵᠠᠭᠤᠷ ᠣᠷᠣᠨ ᠳᠤ | ᠭᠦᠬᠦᠷᠭᠡ ᠵᠠᠰᠠᠨ᠂ ᠵᠠᠮ ᠨᠡᠪᠳᠡᠷᠡᠯᠭᠡ ᠶᠢ ᠰᠢᠯᠤᠭᠤᠳᠬᠠᠬᠤ᠃ | 14. ︽ᠭᠤᠷᠪᠠᠨ ᠰᠢᠯᠢᠳᠡᠭ ᠤᠨ ᠢᠨᠵᠧᠨᠧᠷᠢᠩ︾᠄ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ | ᠰᠤᠷᠭᠠᠭᠤᠯᠢ ᠶᠢᠨ ᠵᠠᠬᠢᠷᠤᠯ᠃ | 15. ︽ᠰᠤᠷᠭᠠᠨ ᠬᠥᠮᠦᠵᠢᠯ ᠤᠨ ᠵᠠᠯᠠᠭᠤ ᠰᠣᠳᠣᠨ︾᠄ ᠵᠢᠭᠠᠨ ᠰᠤᠷᠭᠠᠬᠤ ᠦᠶᠯᠡᠳᠦᠯᠭᠡ ᠶᠢᠨ ᠴᠢᠳᠠᠪᠤᠷᠢ ᠪᠠᠷ ᠴᠢᠩᠭ᠎ᠠ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠤ ᠠᠮᠵᠢᠯᠲᠠ ᠪᠠᠷ ᠲᠣᠪᠣᠶᠢᠮ᠎ᠠ ᠰᠢᠯᠢᠳᠡᠭ ᠵᠠᠯᠠᠭᠤ ᠪᠠᠭᠰᠢ᠃ | 16. ︽ᠰᠢᠯᠢᠳᠡᠭ ᠳᠠᠭᠠᠭᠤᠯᠤᠭᠴᠢ︾᠄ ᠵᠢᠭᠠᠨ ᠰᠤᠷᠭᠠᠯᠲᠠ ᠶᠢᠨ ᠲᠤᠷᠰᠢᠯᠭ᠎ᠠ ᠪᠠᠷ ᠪᠠᠶᠠᠯᠢᠭ ᠰᠢᠯᠢᠳᠡᠭ ᠪᠠᠭᠰᠢ ᠠᠴᠠ | ᠵᠠᠯᠠᠭᠤ ᠪᠠᠭᠰᠢ ᠶᠢ ᠳᠠᠭᠠᠭᠤᠯᠤᠨ ᠬᠦᠮᠦᠵᠢᠬᠦᠯᠬᠦ᠃ | 17. ︽ᠵᠢᠱᠢᠶᠡᠴᠢ ᠰᠤᠷᠭᠠᠭᠤᠯᠢ︾᠄ ᠵᠢᠭᠠᠨ ᠰᠤᠷᠭᠠᠬᠤ ᠪᠠ ᠬᠡᠤᠬᠡᠳ ᠬᠥᠮᠦᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ | ᠪᠤᠶᠤ ᠵᠢᠱᠢᠶ᠎ᠡ ᠪᠣᠯᠵᠤ ᠪᠣᠯᠬᠤᠶᠢᠴᠠ ᠰᠤᠷᠭᠠᠭᠤᠯᠢ᠃ | 18. ︽ᠬᠤᠶᠠᠷ ᠢ ᠬᠦᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ | ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ | ᠬᠥᠩᠭᠡᠷᠡᠭᠦᠯᠦᠨ᠎ᠡ᠃ | 19. ︽ᠳᠥᠷᠪᠡᠨ ᠤᠬᠠᠮᠰᠠᠷ︾᠄ ᠤᠯᠤᠰ ᠲᠥᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠲᠥᠪ ᠢ ᠪᠠᠷᠢᠮᠲᠠᠯᠠᠬᠤ | ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ᠃ | 20. ︽ᠳᠥᠷᠪᠡᠨ ᠢᠲᠡᠭᠡᠯ︾᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ | ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃ | 21. ︽ᠳᠥᠷᠪᠡ ᠶᠢ ᠦᠨᠳᠦᠰᠦᠨ ᠱᠠᠲᠤᠨ ᠳᠤ ᠬᠦᠷᠭᠡᠬᠦ︾᠄ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ | ᠶᠢ ᠦᠨᠳᠦᠰᠦᠨ ᠱᠠᠲᠤᠨ ᠳᠤ ᠬᠦᠷᠭᠡᠬᠦ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ | ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠬᠦᠷᠭᠡᠬᠦ᠂ ᠦᠨᠳᠦᠰᠦᠨ ᠱᠠᠲᠤᠨ ᠢ | ᠬᠦᠷᠴᠦ ᠠᠵᠢᠯᠯᠠᠬᠤ᠃ | 22. ︽ᠳᠣᠯᠣᠭᠠᠨ ᠵᠦᠢᠯ ᠢ ᠲᠠᠶᠠᠭᠳᠠᠬᠤ︾᠄ ︽ᠪᠡᠶ᠎ᠡ ᠪᠠᠨ ᠭᠤᠯᠣᠬᠤ︾ ᠪᠣᠳᠣᠯ ᠢᠶᠠᠨ ᠲᠠᠶᠠᠭᠳᠠᠬᠤ᠂ ︽ᠤᠳᠠᠭᠠᠯᠢᠭ | ᠬᠦᠭᠵᠢᠯᠲᠡ︾ ᠶᠢᠨ ᠪᠣᠳᠣᠯ ᠢᠶᠠᠨ ᠲᠠᠶᠠᠭᠳᠠᠬᠤ᠂ ︽ᠶᠠᠪᠤᠴᠠ ᠶᠢ ᠴᠢᠬᠤᠯᠠᠴᠢᠯᠠᠬᠤ︾ ᠪᠣᠳᠣᠯ ᠢᠶᠠᠨ ᠲᠠᠶᠠᠭᠳᠠᠬᠤ᠂ ︽ | ᠬᠠᠷᠢᠭᠤᠴᠠᠯᠭ᠎ᠠ ᠡᠭᠦᠷᠭᠡᠯᠡᠬᠦ ᠦᠭᠡᠢ︾ ᠪᠣᠳᠣᠯ ᠢᠶᠠᠨ ᠲᠠᠶᠠᠭᠳᠠᠬᠤ᠂ ︽ᠨᠢᠳᠦᠨ ᠡᠮᠦᠨᠡᠬᠢ︾ ᠪᠠᠨ ᠬᠠᠷᠠᠬᠤ ᠰᠡᠳᠭᠢᠬᠦᠢ ᠪᠠᠨ | ᠲᠠᠶᠠᠭᠳᠠᠬᠤ᠂ ︽ᠬᠤᠶᠢᠷᠭᠤ︾ ᠵᠠᠩ ᠢᠶᠠᠨ ᠲᠠᠶᠠᠭᠳᠠᠬᠤ᠂ ︽ᠦᠢᠯᠡᠳᠪᠦᠷᠢᠯᠡᠯ ᠢ ᠬᠦᠨᠳᠦᠳᠬᠡᠵᠦ ᠡᠵᠡᠩᠨᠡᠯᠲᠡ ᠶᠢ | ᠬᠥᠩᠭᠡᠪᠴᠢᠯᠡᠬᠦ︾ ᠦᠵᠡᠯᠲᠡ ᠪᠠᠨ ᠲᠠᠶᠠᠭᠳᠠᠬᠤ᠃ | 23. ︽ᠵᠢᠷᠭᠤᠭᠠᠨ ᠪᠠᠳᠠᠭ ᠦᠭᠡᠨ ᠤ ᠦᠢᠯᠡᠳᠦᠯᠭᠡ ᠪᠠ ᠤᠳᠬ᠎ᠠ ᠤᠴᠢᠷ︾᠄ ᠥᠪᠥᠷ ᠮᠣᠩᠭᠤᠯ ᠪᠣᠯ ᠬᠠᠮᠤᠭ ᠡᠷᠲᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ | ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ | ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠃ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ | ᠴᠢᠬᠤᠯᠠ ᠶᠡᠭᠡ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠪᠠ᠃ ᠥᠪᠥᠷ ᠮᠣᠩᠭᠤᠯ ᠤᠨ | ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ | ᠬᠠᠯᠠᠮᠵᠢᠯᠠᠯ ᠪᠠ ᠵᠢᠯᠤᠭᠤᠳᠤᠯᠭ᠎ᠠ ᠠᠴᠠ ᠢᠷᠡᠭᠰᠡᠨ ᠶᠤᠮ᠃ ᠨᠠᠮ ᠢᠶᠠᠨ ᠭᠤᠶᠢᠪᠠᠰᠢ ᠦᠭᠡᠢ ᠳᠠᠭᠠᠭᠰᠠᠨ ᠠᠴᠠ ᠥᠪᠥᠷ | ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠶᠤᠮ᠃ | 24. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ᠬᠤᠷᠠᠯ ᠠᠷᠪᠢᠨ᠂ ᠠᠵᠢᠯᠯᠠᠭ᠎ᠠ ᠬᠥᠳᠡᠯᠭᠡᠭᠡᠨ | ᠠᠷᠪᠢᠨ᠂ ᠭᠠᠳᠠᠭᠰᠢ ᠭᠠᠷᠬᠤ ᠨᠢ ᠠᠷᠪᠢᠨ᠃ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ | ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠨᠢ ᠴᠥᠭᠡᠨ᠃ ᠰᠢᠶᠳᠪᠦᠷᠢᠲᠦ ᠪᠣᠳᠣᠯᠭ᠎ᠠ ᠶᠢ | ᠪᠤᠳᠠᠲᠠᠶᠢᠵᠢᠭᠤᠯᠬᠤ ᠨᠢ ᠤᠳᠠᠭᠠᠨ᠂ ᠦᠢᠯᠡᠳᠴᠦ ᠬᠢᠬᠦ ᠨᠢ ᠤᠳᠠᠭᠠᠨ᠂ ᠦᠷ᠎ᠡ ᠪᠦᠳᠦᠮᠵᠢ ᠭᠠᠷᠭᠠᠬᠤ ᠨᠢ ᠤᠳᠠᠭᠠᠨ᠃ | | | | | | | |