ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 81 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/9

 

        1 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ

ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ

ᠬᠤᠷᠢᠶᠠᠨ ᠤ 81 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠤᠯ᠎ᠠ᠃

       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ

ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ

ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ

 ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠥᠬᠦ ᠲᠠᠯ᠎ᠠ

 ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠠᠯᠪᠠᠨ ᠲᠢᠩᠬᠢᠮ ᠤᠨ ︽︿ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ﹀ ᠠᠰᠠᠭᠤᠳᠠᠯ ᠢ

ᠭᠦᠨᠵᠡᠭᠡᠶ ᠴᠡᠭᠴᠡᠯᠡᠨ ᠵᠠᠰᠠᠬᠤ ᠲᠤᠬᠠᠶ ᠬᠤᠷᠢᠨ ᠵᠤᠷᠪᠤᠰ ᠠᠷᠭ᠎ᠠ ᠬᠡᠮᠵᠢᠶ᠎ᠡ︾᠂ ᠪᠥᠬᠦ ᠣᠷᠣᠨ ᠤ ᠣᠷᠣᠨ ᠨᠤᠲᠤᠭ

 ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ

ᠨᠠᠮ ᠤᠨ ᠬᠤᠷᠢᠶᠠᠨ ᠤ 2024 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ

ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠪᠦᠬᠦ ᠬᠤᠰᠢᠭᠤᠨ ᠤ

ᠳᠤᠯᠠᠭᠠᠯᠠᠭ᠎ᠠ ᠬᠠᠩᠭᠠᠬᠤ ᠠᠵᠢᠯ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ

ᠳᠡᠯᠭᠡᠷᠡᠭᠦᠯᠦᠨ ᠬᠡᠷᠡᠭᠯᠡᠭᠰᠡᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠤᠰᠢᠭᠤ ᠨᠠᠮ

 ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ︵

ᠨᠣᠣᠷᠠᠭ︶︾ ᠶᠢ ᠰᠤᠳᠤᠯᠤᠨ ᠬᠢᠨᠠᠨ ᠵᠦᠪᠯᠡᠭᠰᠡᠨ ᠪᠠᠶᠢᠨ᠎ᠠ᠃

        ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ

 ᠤ ᠠᠵᠤ ᠠᠬᠤᠢ ᠶᠢᠨ ᠠᠵᠢᠯ ᠤᠨ ᠬᠤᠷᠠᠯ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ

2023 ᠣᠨ ᠤ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠠᠵᠤ ᠠᠬᠤᠢ ᠶᠢᠨ

ᠪᠠᠶᠢᠳᠠᠯ ᠢ ᠭᠦᠨᠵᠡᠭᠡᠢ ᠵᠠᠳᠠᠯᠤᠨ᠂ 2024 ᠣᠨ ᠤ ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠬᠤ

 ᠶᠢᠨ ᠬᠠᠮᠲᠤ ᠡᠯ᠎ᠡ ᠵᠦᠢᠯ ᠤᠨ ᠠᠵᠢᠯ ᠳᠤ ᠪᠣᠳᠠᠲᠠᠢ ᠠᠷᠭ᠎ᠠ ᠬᠡᠮᠵᠢᠶ᠎ᠡ  ᠲᠤᠷᠠᠳᠴᠠᠢ᠃ ᠪᠥᠬᠦ ᠬᠤᠰᠢᠭᠤ ᠪᠠᠷ ᠢᠶᠠᠨ

ᠪᠥᠬᠦ ᠲᠠᠯ᠎ᠠ ᠪᠠᠷ ᠰᠤᠷᠤᠯᠴᠠᠨ ᠡᠵᠡᠮᠳᠡᠵᠦ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠳᠠᠯᠪᠢᠨ᠂

ᠡᠯ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠢᠷᠡᠬᠦ ᠵᠢᠯ ᠤᠨ ᠠᠵᠤ

ᠠᠬᠤᠶ ᠶᠢᠨ ᠠᠵᠢᠯ ᠤᠨ ᠶᠡᠷᠦᠩᠬᠡᠶ ᠬᠥᠭ ᠠᠶᠠᠰ ᠢ ᠣᠨᠣᠪᠴᠢᠲᠠᠶ ᠡᠵᠡᠮᠳᠡᠬᠦ ᠬᠡᠷᠡᠭᠲᠡᠶ᠃ ︽ᠲᠠᠪᠤᠨ ᠡᠷᠬᠡᠪᠰᠢ︾ ᠶᠢ

ᠪᠠᠷᠢᠮᠲᠠᠯᠠᠵᠤ᠂ ᠰᠢᠨ᠎ᠡ ᠴᠠᠭ ᠦᠶ᠎ᠡ ᠳᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷᠲᠠᠶ

ᠲᠠᠨᠢᠯᠲᠠ ᠪᠠᠨ ᠬᠦᠨᠵᠡᠭᠡᠶᠢᠷᠡᠭᠦᠯᠦᠨ᠂ ᠪᠥᠬᠦ ᠤᠯᠤᠰ ᠤᠨ ᠠᠵᠤ ᠠᠬᠤᠶ ᠶᠢᠨ ᠠᠵᠢᠯ ᠤᠨ ᠬᠤᠷᠠᠯ ᠠᠴᠠ

ᠲᠣᠳᠣᠷᠬᠠᠶᠢᠯᠠᠭᠰᠠᠨ ᠶᠢᠰᠦᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ᠂ ᠪᠥᠬᠦ ᠣᠷᠣᠨ ᠤ ᠠᠵᠤ ᠠᠬᠤᠶ ᠶᠢᠨ ᠠᠵᠢᠯ

 ᠤᠨ ᠬᠤᠷᠠᠯ ᠤᠨ ︽ᠵᠢᠷᠭᠤᠭᠠᠨ ᠢᠨᠵᠧᠨᠧᠷᠢᠩ︾ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ

 ᠠᠴᠠ ᠪᠠᠶᠢᠷᠢᠯᠠᠭᠤᠯᠤᠭᠰᠠᠨ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠯᠤᠭᠠᠨ ᠵᠦᠶᠯ ᠤᠨ

ᠭᠤᠤᠯᠳᠠᠯᠭ᠎ᠠ ᠲᠠᠢ ᠡᠭᠦᠷᠭᠡ ᠲᠠᠢ ᠬᠠᠷᠭᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠶᠢᠨ

ᠲᠣᠭᠤᠷᠢᠨ ᠳᠤ ᠰᠤᠷᠤᠯᠴᠠᠯᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠰᠤᠳᠤᠯᠵᠤ᠂ ᠡᠬᠢ ᠪᠠᠶᠠᠯᠢᠭ ᠢ

ᠬᠦᠢᠴᠡᠳ ᠠᠰᠢᠭᠯᠠᠨ᠂ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂  ᠴᠢᠨᠠᠷ ᠰᠠᠶᠢᠲᠠᠶ

ᠨᠠᠶᠢᠳᠠᠪᠤᠷᠢᠵᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠭᠰᠠᠨ ᠪᠠᠶᠢᠨ᠎ᠠ᠃

       ᠬᠤᠷᠠᠯ ᠠᠴᠠ᠂ ᠡᠭᠦᠷᠭᠡ ᠪᠠᠨ ᠲᠤᠳᠤᠷᠬᠠᠶᠢᠯᠠᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠲᠤᠬᠠᠶ ᠠᠷᠭ᠎ᠠ ᠬᠡᠮᠵᠢᠶ᠎ᠡ ᠨᠦᠭᠦᠳ︾ ᠲᠠᠢ ᠬᠠᠷᠭᠤᠭᠤᠯᠤᠨ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠡᠯ᠎ᠡ

ᠲᠠᠯ᠎ᠠ ᠶᠢᠨ ᠬᠢᠨ ᠤ ᠭᠤᠤᠯ ᠱᠤᠭᠤᠮ ᠤᠨ ᠤᠬᠠᠮᠰᠠᠷ ᠢ ᠪᠠᠶᠢᠩᠭᠤ  ᠠᠳᠬᠤᠨ ᠡᠳᠦᠷ ᠲᠤᠲᠤᠮ ᠤᠨ ᠠᠵᠢᠯ ᠳᠠᠭᠠᠨ

ᠠᠭᠤᠰᠤᠯᠴᠠᠭᠤᠯᠵᠤ᠂ ᠪᠠᠶᠢᠳᠠᠯ ᠢ ᠲᠣᠳᠣᠷᠬᠠᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ

 ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠣᠭᠤᠮ ᠢ ᠡᠯ᠎ᠡ ᠵᠦᠶᠯ ᠤᠨ ᠠᠵᠢᠯ ᠤᠨ ᠳᠤᠮᠳᠠ ᠪᠠᠨ

ᠪᠦᠲᠦᠮᠵᠢᠲᠡᠶ ᠲᠤᠭᠤᠰᠢᠯᠠᠭᠤᠯᠬᠤ ᠶᠢ ᠬᠥᠲᠥᠯᠥᠨ ᠵᠢᠯᠣᠭᠤᠳᠴᠤ ᠠᠬᠢᠭᠤᠯᠬᠤ ᠬᠡᠷᠡᠭᠲᠡᠶ᠃ ︽︿ᠭᠤᠷᠪᠠᠨ ᠣᠯᠠᠨ

ᠭᠤᠷᠪᠠᠨ ᠴᠥᠭᠡᠨ ᠭᠤᠷᠪᠠᠨ ᠤᠳᠠᠭᠠᠨ﹀ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠬᠤ ᠲᠤᠬᠠᠶ ᠬᠤᠷᠢᠨ ᠵᠤᠷᠪᠤᠰ

ᠠᠷᠭ᠎ᠠ ᠬᠡᠮᠵᠢᠶᠠᠨ︾ ᠤ ᠬᠠᠮᠢᠶ᠎ᠠ ᠲᠠᠢ ᠱᠠᠭᠠᠷᠳᠠᠯᠭ᠎ᠠ ᠲᠠᠢ ᠬᠠᠷᠢᠴᠠᠭᠤᠯᠵᠤ᠂ ᠰᠤᠷᠲᠠᠯ ᠤᠨ ᠪᠠᠶᠢᠭᠤᠯᠤᠯᠲᠠ ᠶᠢ

ᠲᠦᠷᠦᠭᠦᠯᠡᠨ ᠴᠢᠩᠭᠠᠳᠬᠠᠬᠤ ᠬᠡᠷᠡᠭᠲᠡᠶ᠃ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠪᠠᠶᠢᠭᠤᠯᠤᠮᠵᠢ

 ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂

ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠶᠢ

ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃

       ᠬᠤᠷᠠᠯ ᠠᠴᠠ᠂ ᠡᠪᠦᠯ ᠤᠨ ᠤᠯᠠᠷᠢᠯ ᠤᠨ ᠲᠤᠯᠠᠭᠠᠯᠭ᠎ᠠ ᠶᠢ ᠰᠠᠶᠢᠳᠤᠷ ᠬᠠᠩᠭᠠᠬᠤ ᠪᠤᠯ ᠤᠯᠠᠨ ᠲᠦᠮᠡᠨ ᠤ

ᠠᠰᠢᠭ ᠲᠤᠰᠠ ᠳᠤ ᠬᠤᠯᠪᠣᠭᠳᠠᠵᠤ ᠪᠠᠶᠢᠭ᠎ᠠ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ

ᠭᠠᠵᠠᠷ ᠣᠷᠣᠨ ᠪᠤᠯᠤᠨ ᠬᠠᠮᠢᠶ᠎ᠠ ᠲᠠᠢ ᠰᠠᠯᠠᠭ᠎ᠠ ᠮᠥᠴᠢᠷ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠦᠶᠯᠡᠴᠢᠯᠡᠭᠡᠨ ᠤ ᠪᠠᠷᠢᠮᠵᠢᠶ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠷᠠᠳ

ᠲᠦᠮᠡᠨ ᠤ ᠳᠤᠯᠠᠭᠠᠨ ᠳᠠᠪᠠᠳᠠᠢ ᠡᠪᠦᠯᠵᠢᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃

       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠵᠤ᠂ ᠬᠤᠰᠢᠭᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ

 ᠤ ᠭᠤᠤᠯ ᠤᠳᠤᠷᠢᠳᠤᠯᠭ᠎ᠠ᠂ ᠡᠯ᠎ᠡ ᠳᠡᠳ᠋ ᠬᠤᠰᠢᠭᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂

ᠡᠯ᠎ᠡ ᠰᠤᠮᠤ ᠪᠠᠯᠭᠠᠰᠤ ︵ᠲᠠᠯᠠᠪᠠᠶ︶ ᠵᠢᠴᠢ ᠬᠠᠮᠢᠶ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ

ᠰᠤᠯᠠ ᠤᠷᠤᠯᠴᠠᠵᠠᠢ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号