ᠰᠢᠯᠤᠭᠤᠨ ᠬᠥᠬᠡ ᠬᠤᠰᠢᠭᠤ ᠥᠪᠥᠷ ᠮᠣᠩᠭᠤᠯ ᠤᠨ ᠼᠤᠤ ᠳ᠋ᠦ᠋ ᠡᠪᠡᠰᠦᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/9
        1 ᠰᠠᠷ᠎ᠠ ᠶᠢᠨ 8 ᠤ ᠡᠳᠦᠷ᠂ ᠰᠢᠯᠤᠭᠤᠨ ᠬᠥᠬᠡ ᠬᠤᠰᠢᠭᠤ ᠥᠪᠥᠷ ᠮᠣᠩᠭᠤᠯ ᠤᠨ ᠼᠤᠤ ᠳ᠋ᠦ᠋ ᠡᠪᠡᠰᠦᠨ  ᠤ ᠦᠶᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠷᠠᠯ ᠢ ᠡᠷᠬᠢᠯᠡᠵᠡᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠬᠤᠰᠢᠭᠤᠨ ᠳᠠᠭᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠤᠷᠤᠯᠴᠠᠭᠰᠠᠨ ᠪᠠᠶᠢᠨ᠎ᠠ᠃     ᠬᠤᠷᠠᠯ ᠳᠡᠭᠡᠷ᠎ᠡ᠂ ᠼᠤᠤ ᠳ᠋ᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠭᠦᠸᠧ ᠼᠠᠢ ᠠᠴᠠ ᠼᠤᠤ ᠳ᠋ᠦ᠋ ᠪᠦᠯᠦᠭᠯᠡᠯ ᠤᠨ ᠥᠪᠥᠷ ᠮᠣᠩᠭᠤᠯ ᠤᠨ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠡᠪᠡᠰᠦᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠠᠬᠪᠤᠷ ᠤᠨ ᠲᠤᠬᠠᠶ ᠬᠠᠷᠢᠭᠤ ᠮᠡᠳᠡᠭᠦᠯᠵᠦ᠂ ᠤᠯᠠᠨ ᠢᠶᠠᠷ ᠢᠶᠠᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠡᠪᠡᠰᠦᠨ ᠤ ᠠᠵᠤ ᠦᠶᠯᠡᠰ ᠤᠨ ᠬᠥᠭᠵᠢᠯᠲᠡ ᠶᠢᠨ ᠵᠠᠭᠪᠤᠷ ᠢ ᠠᠬᠢᠭᠤᠯᠬᠤ ᠲᠦᠰᠦᠪ ᠤᠨ ᠲᠣᠭᠤᠷᠢᠨ ᠳᠤ ᠰᠠᠨᠠᠯ ᠢᠶᠠᠨ ᠰᠤᠯᠢᠯᠴᠠᠵᠠᠢ᠃ᠯᠢ ᠪᠥᠸᠧ ᠹᠧᠩ᠂ ᠰᠢᠯᠤᠭᠤᠨ ᠬᠦᠬᠡ ᠬᠤᠰᠢᠭᠤ ᠪᠣᠯ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠪᠦᠷᠬᠦᠴᠡ ᠪᠠᠷ ᠬᠠᠮᠤᠭ ᠤᠨ ᠶᠡᠭᠡ ᠬᠤᠰᠢᠭᠤ ᠪᠠᠶᠢᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠭᠤᠤᠯ ᠳᠠᠯᠠᠪᠤᠷ ᠪᠣᠯᠤᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠠᠵᠤ ᠦᠶᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠮᠠᠨ ᠤ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦ  ᠶᠢ ᠵᠠᠰᠠᠬᠤ ᠳᠤ ᠮᠠᠰᠢ ᠴᠢᠬᠤᠯᠠ ᠦᠶᠯᠡᠳᠦᠯ ᠲᠠᠢ ᠤᠴᠢᠷ ᠠᠴᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠰᠬᠠᠶ ᠠᠩᠭᠢ ᠪᠠᠶᠢᠭᠤᠯᠵᠤ ᠲᠥᠷᠥᠯ ᠵᠦᠶᠯ ᠢ ᠠᠬᠢᠭᠤᠯᠬᠤ ᠳᠤ ᠰᠠᠶᠢᠲᠤᠷ ᠦᠶᠯᠡᠴᠢᠯᠡᠬᠦ ᠪᠣᠯᠤᠨ᠎ᠠ᠃ ᠬᠤᠶᠠᠷ ᠲᠠᠯ᠎ᠠ ᠪᠠᠷ ᠢᠶᠠᠨ ᠮᠠᠨ ᠤ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠮᠠᠨ ᠤ ᠬᠤᠰᠢᠭᠤᠨ ᠤ ᠪᠠᠶᠢᠳᠠᠯ ᠳᠤ ᠨᠡᠶᠢᠴᠡᠭᠰᠡᠨ ᠡᠪᠡᠰᠦᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠡᠪᠡᠰᠦᠨ ᠤ ᠠᠵᠤ ᠦᠶᠯᠡᠰ ᠬᠢᠭᠡᠳ ᠠᠮᠢ ᠠᠬᠤᠶ᠂ ᠮᠠᠯ ᠠᠵᠤ ᠠᠬᠤᠶ ᠵᠡᠷᠭᠡ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠯ᠎ᠡ᠃    ᠼᠤᠤ ᠳ᠋ᠦ᠋ ᠪᠦᠯᠦᠭᠯᠡᠯ ᠵᠢᠴᠢ ᠡᠯ᠎ᠡ ᠬᠠᠮᠢᠶ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠵᠠᠢ᠃ 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号