ᠢᠷᠠᠯᠵᠠᠬᠤ ᠭᠠᠴᠠᠭ᠎ᠠ ︽ᠰᠠᠭᠠᠬᠠᠯᠳᠠ ᠠᠶᠢᠯ ᠤᠨ ᠰᠣᠶᠣᠯ ᠤᠨ ᠨᠠᠶᠢᠷ︾ ᠡᠷᠬᠢᠯᠡᠯ᠎ᠡ
ᠨᠡᠶᠢᠲᠡᠯᠡᠭᠰᠡᠨ ᠴᠠᠭ᠄
2024/1/9
    ︽ᠨᠠᠮ ᠤᠨ ᠠᠴᠢ ᠳᠤ ᠳᠠᠯᠠᠷᠬᠠᠨ᠂ ᠨᠠᠮ ᠤᠨ ᠵᠢᠭᠠᠪᠤᠷᠢ ᠶᠢ ᠰᠤᠨᠤᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠴᠢᠨᠠᠷᠲᠠᠶ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ ᠤᠨ ᠠᠮᠢᠳᠤᠷᠠᠯ ᠳᠤ ᠦᠶᠯᠡᠴᠢᠯᠡᠬᠦ ᠬᠢᠷᠢ ᠲᠦᠪᠰᠢᠨ ᠢ ᠤᠯᠠᠮ ᠳᠡᠭᠡᠭᠰᠢᠯᠡᠭᠦᠯᠦᠨ᠂ ᠬᠦᠷᠰᠢ ᠰᠠᠭᠠᠬᠠᠯᠳᠠ ᠪᠠᠷ ᠢᠶᠠᠨ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠵᠤ ᠡᠶ᠎ᠡ ᠨᠠᠶᠢᠷᠲᠠᠶ ᠪᠠᠶᠢᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠠᠮᠤᠷ ᠲᠣᠭᠲᠠᠭᠤᠨ ᠡᠶ᠎ᠡ ᠵᠤᠬᠢᠴᠠᠯ ᠲᠠᠢ᠂ ᠵᠣᠯ ᠵᠢᠷᠭᠠᠯᠲᠤ ᠭᠠᠴᠠᠭ᠎ᠠ ᠶᠢ ᠪᠥᠲᠥᠭᠡᠨ ᠪᠠᠶᠢᠭᠤᠯᠬᠤ ᠶᠢᠨ ᠲᠤᠰᠠᠳᠠ 1 ᠰᠠᠷ᠎ᠠ ᠶᠢᠨ 7 ᠤ ᠡᠳᠦᠷ᠂ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠢᠷᠠᠯᠵᠠᠬᠤ ᠭᠠᠴᠠᠭ᠎ᠠ ᠠᠩᠬᠠᠳᠤᠭᠠᠷ ᠬᠤᠭᠤᠴᠠᠭᠠᠨ ᠤ ︽ᠰᠠᠭᠠᠬᠠᠯᠳᠠ ᠠᠶᠢᠯ  ᠤᠨ ᠰᠣᠶᠣᠯ ᠤᠨ ᠨᠠᠶᠢᠷ︾ ᠢ ᠡᠷᠬᠢᠯᠡᠨ ᠶᠠᠪᠤᠭᠳᠠᠭᠤᠯᠤᠯ᠎ᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠭᠠᠴᠠᠭᠠᠨ ᠤ ᠤᠷᠠᠯᠢᠭ ᠲᠤ ᠠᠪᠢᠶᠠᠰ ᠲᠠᠢ ᠮᠠᠯᠴᠢᠳ ᠠᠴᠠ ᠲᠤᠰᠬᠠᠶ ᠲᠣᠭᠯᠠᠯᠲᠠ ᠭᠠᠷᠭᠠᠨ᠂ ︽ᠮᠠᠭᠲᠠᠭᠠᠯ ᠳᠠᠭᠤᠤ︾ ᠪᠠᠷ ᠨᠠᠶᠢᠷ ᠤᠨ ᠡᠬᠢᠯᠡᠯᠳᠡ ᠶᠢᠨ ᠬᠥᠰᠢᠭᠡ ᠶᠢ ᠰᠡᠬᠦᠵᠦ᠂ ︽ᠣᠪᠣᠭᠠᠨ ᠳᠡᠭᠡᠷᠡᠬᠢ ᠠᠭᠤᠯᠵᠠᠯᠲᠠ︾ ︽ᠰᠢᠯᠢ ᠶᠢᠨ ᠭᠤᠣᠯ ᠤᠨ ᠲᠠᠯ᠎ᠠ ᠨᠤᠲᠤᠭ︾ ︽ᠲᠠᠯ᠎ᠠ ᠨᠤᠲᠤᠭ ᠲᠤ ᠮᠥᠩᠬᠡ ᠶᠢᠨ ᠨᠡᠷᠨ ᠮᠠᠨᠳᠤᠯ᠎ᠠ︾ ︽ᠰᠠᠪᠠᠷᠳᠠᠩ︾ ᠵᠡᠷᠭᠡ ᠳᠠᠭᠤᠤ ᠪᠦᠵᠢᠭ ᠤᠨ ᠲᠣᠭᠯᠠᠯᠲᠠ ᠪᠠᠨ ᠰᠤᠨᠢᠷᠬᠠᠭᠤᠯᠤᠯ᠎ᠠ᠃ ᠲᠣᠭᠯᠠᠯᠲᠠ ᠶᠢᠨ ᠳᠠᠷᠠᠭ᠎ᠠ ᠨᠠᠮ ᠤᠨ ᠲᠡᠦᠬᠡ ᠶᠢᠨ ᠮᠡᠳᠡᠯᠭᠡ ᠶᠢᠨ ᠱᠠᠩᠨᠠᠯᠲᠤ ᠤᠷᠤᠯᠳᠤᠭᠠᠨ ᠶᠠᠪᠤᠭᠳᠠᠭᠤᠯᠵᠤ᠂ ᠰᠢᠲᠠᠷ᠎ᠠ᠂ ᠬᠥᠵᠥᠷ᠂ ᠮᠠᠵᠢᠶᠠᠩ ᠵᠡᠷᠭᠡ ᠤᠷᠤᠯᠳᠤᠭᠠᠨ ᠢᠶᠠᠷ ᠳᠠᠮᠵᠢᠨ ᠤᠯᠠᠨ ᠢᠶᠠᠷ ᠢᠶᠠᠨ ᠤᠷ᠎ᠠ ᠮᠡᠷᠭᠡᠵᠢᠯ ᠢᠶᠠᠨ ᠰᠣᠯᠢᠯᠴᠠᠵᠤ᠂ ᠣᠶᠤᠨ ᠤᠬᠠᠭᠠᠨ ᠢᠶᠠᠨ ᠰᠤᠷᠢᠵᠠᠭᠠᠭᠰᠠᠨ ᠪᠠᠶᠢᠨ᠎ᠠ᠃     ᠠᠵᠢᠯᠯᠠᠭᠠᠨ ᠤ ᠪᠠᠩᠰᠢ ᠪᠠᠷᠢᠬᠤ ᠤᠷᠤᠯᠳᠤᠭᠠᠨ ᠨᠢ ᠨᠡᠩ ᠴᠦ ᠬᠥᠷ ᠬᠥᠭᠵᠢᠶᠡᠨ ᠲᠠᠢ ᠶᠠᠪᠤᠭᠳᠠᠵᠤ᠂ ᠪᠠᠩᠰᠢ ᠪᠠᠷᠢᠬᠤ ᠬᠤᠷᠳᠤᠴᠠ ᠪᠠ ᠶᠠᠩᠵᠤ ᠬᠡᠯᠪᠡᠷᠢ ᠶᠢ ᠦᠨᠳᠦᠰᠦᠯᠡᠨ ᠰᠢᠯᠭᠠᠷᠠᠭᠤᠯᠵᠤ᠂ ᠡᠯ᠎ᠡ ᠵᠦᠢᠯ ᠤᠨ ᠤᠷᠤᠯᠳᠤᠭᠠᠨ ᠤ ᠲᠦᠷᠦᠭᠦᠦ ᠭᠤᠷᠪᠠᠨ ᠨᠡᠷ᠎ᠡ ᠶᠢ ᠱᠠᠩᠨᠠᠭᠰᠠᠨ ᠪᠠᠶᠢᠨ᠎ᠠ᠃    ᠤᠷᠤᠯᠳᠤᠭᠠᠨ ᠤ ᠳᠠᠷᠠᠭ᠎ᠠ ᠴᠢᠨᠠᠭᠰᠠᠨ ᠪᠠᠩᠰᠢ᠂ ᠦᠬᠡᠷ ᠤᠨ ᠮᠢᠬ᠎ᠠ ᠵᠡᠷᠭᠡ ᠠᠮᠳᠠᠳᠤ ᠢᠳᠡᠭᠡᠨ ᠢᠶᠠᠨ ᠰᠢᠷᠡᠭᠡ ᠲᠦᠭᠦᠷᠡᠩ ᠦᠷᠦᠵᠦ᠂ ᠲᠤᠬᠠᠶ ᠶᠢᠨ ᠲᠠᠯᠠᠪᠠᠢ ᠳᠤ ᠪᠦᠯᠬᠦᠮᠳᠡᠨ ᠬᠠᠪᠰᠤᠷᠤᠯᠴᠠᠭᠰᠠᠨ ᠠᠭᠤᠷ ᠠᠮᠢᠰᠬᠤᠯ ᠪᠠ ᠵᠤᠯ ᠵᠢᠷᠭᠠᠯᠳᠤ ᠢᠨᠢᠶᠡᠳᠦ ᠪᠠᠶᠠᠰᠤᠯ ᠢᠶᠠᠷ ᠪᠢᠯᠬᠠᠵᠤ᠂ ᠬᠠᠮᠳᠤ ᠳᠠᠭᠠᠨ ︽ᠶᠡᠭᠡ ᠬᠡᠷ ᠪᠦᠯᠢ︾ ᠶᠢᠨ ᠬᠠᠯᠠᠭᠤᠨ ᠲᠤᠯᠠᠭᠠᠨ  ᠢ ᠬᠦᠷᠳᠡᠵᠦ ᠪᠠᠶᠢᠯ᠎ᠠ᠃    ᠡᠭᠦᠨ ᠠᠴᠠ ᠭᠠᠳᠠᠨ᠎ᠠ ᠬᠤᠰᠢᠭᠤ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠬᠢᠨ ᠪᠢᠷ ᠪᠡᠭᠡ  ᠬᠦᠳᠡᠯᠭᠡᠨ᠂ ᠤᠯᠠᠨ ᠳᠤ ᠴᠠᠭᠠᠨ ᠰᠠᠷ᠎ᠠ ᠶᠢᠨ ᠬᠤᠤᠰ ᠤᠶᠠᠩᠭ᠎ᠠ ᠪᠢᠴᠢᠨ ᠦᠭᠴᠦ᠂ ᠬᠡᠦᠬᠡᠳ ᠤᠳ ᠲᠤ ᠤᠷᠠᠨ ᠪᠢᠴᠢᠯᠭᠡ ᠵᠢᠭᠠᠭᠰᠠᠨ ᠪᠠᠶᠢᠨ᠎ᠠ᠃        ᠲᠣᠰ ᠤᠳᠠᠭᠠᠨ ᠤ ᠠᠵᠢᠯᠯᠠᠭ᠎ᠠ ᠨᠢ ᠮᠠᠯᠴᠢᠨ ᠲᠦᠮᠡᠨ ᠤ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠢᠴᠡᠳ ᠢᠯᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠪᠦᠯᠬᠦᠮᠳᠡᠯ ᠨᠢᠭᠲᠠᠷᠠᠯ ᠤᠨ ᠬᠦᠴᠦᠨ ᠢ ᠴᠢᠩᠭᠠᠳᠬᠠᠨ᠂ ᠮᠠᠯᠴᠢᠳ ᠤᠨ ᠣᠶᠤᠨ ᠰᠠᠨᠠᠭ᠎ᠠ ᠰᠣᠶᠣᠯ  ᠤᠨ ᠠᠮᠢᠳᠤᠷᠠᠯ ᠢ ᠪᠠᠶᠠᠯᠢᠭᠵᠢᠭᠤᠯᠵᠤ᠂ ᠡᠷᠡᠯᠬᠡᠭᠯᠡᠨ ᠤᠷᠤᠭᠰᠢᠯᠠᠬᠤ᠂ ᠪᠣᠯᠪᠠᠰᠤᠨ ᠡᠶ᠎ᠡ ᠵᠣᠬᠢᠴᠠᠯ ᠲᠠᠢ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ ᠪᠣᠶ ᠪᠤᠯᠭᠠᠭᠰᠠᠨ ᠪᠦᠭᠡᠳ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠵᠢᠯᠤᠭᠤᠳᠤᠨ ︽ᠨᠠᠮ ᠤᠨ ᠠᠴᠢ ᠳᠤ ᠳᠠᠯᠠᠷᠬᠠᠨ᠂ ᠨᠠᠮ ᠤᠨ  ᠵᠢᠭᠠᠪᠤᠷᠢ ᠶᠢ ᠰᠤᠨᠤᠰᠴᠤ᠂ ᠨᠠᠮ ᠢᠶᠠᠨ ᠳᠠᠭᠠᠬᠤ︾ ᠠᠵᠢᠯᠯᠠᠭᠠᠨ ᠤ ᠤᠯᠠᠮᠵᠢᠯᠠᠭᠴᠢ᠂ ᠠᠬᠢᠭᠤᠯᠤᠭᠴᠢ ᠪᠠ ᠦᠶᠯᠡᠳᠦᠯᠭᠡᠵᠢᠭᠦᠯᠦᠭᠴᠢ ᠪᠤᠯᠬᠤ ᠶᠢ ᠵᠤᠷᠢᠭᠵᠢᠭᠤᠯᠤᠭᠰᠠᠨ ᠪᠠᠶᠢᠨ᠎ᠠ᠃

 

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号