ᠴᠢᠨᠠᠷ ᠰᠠᠶᠢᠲᠠᠶ ᠲᠡᠵᠢᠭᠡᠯ ᠪᠣᠷᠳᠤᠭ᠎ᠠ ᠨᠢ ᠮᠠᠯᠴᠢᠨ ᠲᠠᠷᠢᠶᠠᠴᠢᠦᠨ ᠲᠤ ᠲᠤᠰᠠ ᠪᠣᠯᠵᠦ ᠪᠣᠢ
ᠨᠡᠶᠢᠲᠡᠯᠡᠭᠰᠡᠨ ᠴᠠᠭ᠄
2024/1/9
       ᠰᠢᠯᠤᠭᠤᠨ ᠬᠥᠬᠡ ᠬᠤᠰᠢᠭᠤᠨ ᠤ  ᠰᠠᠶᠢᠨ ᠮᠠᠯᠴᠢᠨ ᠮᠠᠯ ᠠᠵᠤ ᠠᠬᠤᠶ ᠶᠢᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ  ᠬᠢᠮᠳᠠ ᠦᠨ᠎ᠡ ᠶᠢᠨ ᠴᠢᠨᠠᠷ ᠰᠠᠶᠢᠲᠠᠶ ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠵᠤ᠂  ᠮᠠᠯᠴᠢᠥᠨ  ᠤᠨ ᠮᠠᠯ ᠰᠥᠷᠥᠭ ᠢᠶᠠᠨ ᠮᠠᠠᠳᠤ  ᠡᠪᠦᠯᠵᠢᠬᠦᠯᠬᠦ ᠳᠤ ᠪᠠᠲᠤᠯᠠᠭ᠎ᠠ ᠬᠠᠩᠭᠠᠵᠦ ᠪᠣᠢ᠃    ᠰᠢᠯᠤᠭᠤᠨ ᠬᠥᠬᠡ ᠬᠤᠰᠢᠭᠤᠨ ᠤ  ᠰᠠᠶᠢᠨ ᠮᠠᠯᠴᠢᠨ ᠮᠠᠯ ᠠᠵᠤ ᠠᠬᠤᠢ ᠶᠢᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠪᠠᠶᠠᠨ ᠠᠭᠤᠯᠠ ᠭᠠᠴᠠᠭᠠᠨ ᠤ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠶᠯᠡᠳᠪᠦᠷᠢ ᠶᠢᠨ ᠳᠠᠰᠤᠭ ᠲᠤ᠂ ᠲᠣᠮᠣ ᠬᠡᠯᠪᠡᠷᠢ ᠶᠢᠨ  ᠪᠤᠷᠳᠤᠭ᠎ᠠ‌ᠵᠢᠭᠤᠷᠠᠬᠤ ᠮᠠᠰᠢᠨ᠂ ᠭᠡᠮᠭᠡᠯᠡᠬᠦ ᠮᠠᠰᠢᠨ᠂ ᠪᠣᠭᠤᠳᠠᠯᠯᠠᠬᠤ ᠮᠠᠰᠢᠨ᠂ ᠳᠠᠮᠵᠢᠭᠤᠯᠬᠤ ᠪᠦᠰᠡ ᠵᠡᠷᠭᠡ ᠮᠠᠰᠢᠨ ᠲᠥᠬᠦᠭᠡᠷᠦᠮᠵᠢ  ᠪᠦᠷᠢᠨ ᠪᠠᠶᠢᠵᠤ᠂ ᠠᠵᠢᠯᠲᠠᠳ ᠶᠠᠭ ᠮᠠᠰᠢᠨ ᠲᠥᠬᠦᠭᠡᠷᠦᠮᠵᠢ  ᠪᠠᠷ ᠪᠣᠷᠳᠤᠭ᠎ᠠ ᠪᠣᠯᠪᠠᠰᠤᠷᠠᠭᠤᠯᠬᠤ ᠠᠵᠢᠯ  ᠳᠤ ᠶᠠᠭᠠᠷᠠᠯᠳᠣᠵᠦ ᠪᠠᠶᠢᠯ᠎ᠠ᠃    ᠰᠢᠯᠤᠭᠤᠨ ᠬᠥᠬᠡ ᠬᠤᠰᠢᠭᠤᠨ ᠤ  ᠰᠠᠶᠢᠨ ᠮᠠᠯᠴᠢᠨ  ᠮᠠᠯ ᠠᠵᠤ ᠠᠬᠤᠶ ᠶᠢᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠪᠦᠬᠦᠯᠢ ᠡᠳᠦᠷ ᠤᠨ  ᠡᠪᠡᠰᠦ ᠪᠣᠷᠳᠤᠭ᠎ᠠ ᠪᠣᠯᠪᠠᠰᠤᠷᠠᠭᠤᠯᠬᠤ ᠳᠥᠷᠪᠡᠨ ᠦᠶᠯᠡᠳᠪᠦᠷᠢ ᠶᠢᠨ ᠲᠠᠰᠤᠭ ᠢ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂  9 ᠵᠦᠶᠯ ᠤᠨ ᠲᠦᠭᠦᠬᠡᠶ ᠮᠠᠲ᠋ᠧᠷᠢᠶᠠᠯ  ᠢᠶᠠᠷ ᠲᠣᠰ ᠭᠠᠵᠠᠷ  ᠤᠷᠤᠨ ᠤ ᠮᠠᠯ ᠤᠨᠤᠭᠠᠨ ᠳᠤ ᠳᠣᠭᠢᠷᠠᠬᠤ  ᠬᠢᠮᠳᠠ ᠦᠨ᠎ᠡ ᠶᠢᠨ ᠴᠢᠨᠠᠷ ᠰᠠᠶᠢᠲᠠᠶ ᠡᠪᠡᠰᠦ ᠪᠣᠷᠳᠤᠭ᠎ᠠ ᠶᠢ  ᠪᠤᠯᠪᠠᠰᠤᠷᠠᠭᠤᠯᠵᠤ ᠪᠥᠬᠦ ᠬᠤᠰᠢᠭᠤ ᠵᠢᠴᠢ  ᠤᠶᠢᠷ᠎ᠠ  ᠬᠠᠪᠢ ᠶᠢᠨ ᠮᠠᠯᠴᠢᠨ ᠲᠦᠮᠡᠨ ᠳᠤ   ᠪᠤᠷᠤᠯᠠᠭᠤᠯᠵᠤ ᠪᠠᠶᠢᠬᠤ ᠶᠢᠨ ᠬᠠᠮᠳᠤ ᠲᠡᠵᠢᠭᠡᠨ ᠦᠷᠡᠵᠢᠭᠦᠯᠬᠦ ᠡᠷᠦᠬᠡ  ᠴᠤ ᠭᠡᠷ ᠠᠴᠠ ᠪᠠᠨ ᠤᠶᠢᠷᠠᠬᠠᠨ ᠴᠢᠨᠠᠷ ᠰᠠᠶᠢᠲᠠᠶ ᠲᠡᠵᠢᠭᠡᠯ ᠪᠣᠷᠳᠤᠭ᠎ᠠ ᠬᠤᠳᠠᠯᠳᠤᠨ  ᠠᠪᠴᠤ ᠪᠠᠶᠠᠨ ᠠᠭᠤᠯᠠ ᠭᠠᠴᠠᠭᠠᠨ ᠤ ᠬᠠᠮᠲᠤ ᠶᠢᠨ ᠠᠵᠤ ᠠᠬᠤᠶ ᠶᠢ ᠴᠤ  ᠲᠠᠶᠢᠴᠢᠯᠠᠵᠤ ᠪᠠᠶᠢᠨ᠎ᠠ᠃    2023 ᠣᠨ ᠤ ᠡᠪᠦᠯ ᠠᠴᠠ ᠨᠠᠰᠢ᠂ ᠱᠠᠩᠳᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠨᠢᠮᠪᠠᠶ ᠲᠥᠯᠥᠪᠵᠢᠭᠦᠯᠵᠦ᠂ ᠮᠠᠯ ᠤᠨ ᠡᠪᠦᠯᠵᠢᠬᠦ ᠲᠠᠯᠠᠪᠠᠶ ᠵᠢᠴᠢ ᠡᠪᠡᠰᠦ ᠪᠣᠷᠳᠤᠭ᠎ᠠ ᠨᠥᠭᠡᠴᠡᠯᠡᠬᠦ ᠪᠠᠲᠤᠯᠠᠭ᠎ᠠ  ᠶᠢᠨ ᠠᠵᠢᠯ ᠢ ᠬᠦᠴᠦᠯᠡᠨ ᠠᠬᠢᠭᠤᠯᠵᠤ᠂ ᠴᠢᠨᠠᠷ ᠰᠠᠶᠢᠲᠠᠶ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠵᠣᠬᠢᠴᠠᠭᠤᠯᠵᠤ᠂ ᠤᠷᠢᠳ ᠬᠤᠵᠢᠳ ᠬᠤᠶᠠᠷ ᠨᠡᠭᠦᠳᠡᠯ ᠠᠷᠠᠳ ᠤᠨ ᠭᠠᠴᠠᠭᠠᠨ ᠳᠤ ᠴᠢᠨᠠᠷ ᠰᠢᠯᠢᠳᠡᠭ ᠰᠠᠶᠢᠨ᠂ ᠦᠨ᠎ᠡ ᠬᠠᠩᠰᠢ  ᠲᠣᠬᠢᠷᠠᠮᠵᠢᠳᠠᠢ ᠡᠪᠡᠰᠦ ᠪᠣᠷᠳᠤᠭ᠎ᠠ ᠬᠠᠩᠭᠠᠵᠤ᠂ ᠨᠡᠶᠢᠲᠡ 200 ᠭᠠᠷᠤᠶ ᠮᠠᠯᠵᠢᠬᠤ ᠡᠷᠦᠬᠡ ᠳᠤ ᠠᠰᠢᠭ  ᠬᠦᠷᠳᠡᠬᠡᠨ᠂ 3800 ᠭᠠᠷᠤᠶ ᠮᠠᠯ  ᠢ ᠬᠠᠮᠤᠷᠴᠤ᠂ ᠭᠠᠴᠠᠭᠠᠨ ᠤ ᠮᠠᠯᠴᠢᠳ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠥᠨᠳᠥᠷ ᠪᠠᠶᠢᠬᠤ ᠠᠰᠠᠭᠤᠳᠠᠯ ᠢ ᠵᠤᠬᠢᠬᠤ ᠭᠡᠮᠵᠢᠶᠠᠨ ᠳᠤ ᠰᠢᠢᠥᠠᠪᠤᠷᠢᠯᠡᠵᠠᠢ᠃       ᠰᠢᠯᠤᠭᠤᠨ ᠬᠥᠬᠡ ᠬᠤᠰᠢᠭᠤᠨ ᠤ ᠰᠠᠶᠢᠨ ᠮᠠᠯᠴᠢᠨ ᠮᠠᠯ ᠠᠵᠤ ᠠᠬᠤᠶ ᠶᠢᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ 2016 ᠣᠨ ᠳᠤ ᠪᠠᠶᠢᠭᠤᠯᠤᠭᠳᠠᠵᠤ᠂ ᠺᠣᠮᠫᠠᠨᠢ  ᠨᠢ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ᠂ ᠪᠣᠷᠳᠣᠬᠤ᠂ ᠪᠣᠷᠣᠯᠠᠭᠤᠯᠬᠤ ᠵᠢᠴᠢ ᠴᠢᠨᠠᠷ ᠰᠠᠶᠢᠲᠠᠶ ᠪᠡᠯᠴᠢᠭᠡᠷ ᠡᠪᠡᠰᠦ ᠳᠠᠷᠢᠬᠤ᠂ ᠨᠥᠭᠡᠴᠡᠯᠡᠬᠦ᠂  ᠠᠮᠤ ᠪᠤᠳᠠᠭ᠎ᠠ ᠪᠣᠷᠣᠯᠠᠭᠤᠯᠬᠤ ᠵᠡᠷᠭᠡ ᠡᠵᠡᠩᠨᠡᠯᠳᠠ ᠶᠢ ᠬᠠᠮᠤᠷᠴᠤ᠂ ᠡᠪᠡᠰᠦ ᠪᠣᠷᠳᠣᠭᠠᠨ ᠤ ᠬᠠᠩᠭᠠᠯᠭ᠎ᠠ ᠪᠠ  ᠮᠠᠯᠴᠢᠥᠨ ᠤᠨ ᠮᠠᠯ ᠰᠥᠷᠥᠭ ᠢᠶᠠᠨ ᠮᠡᠨᠳᠤ  ᠡᠪᠤᠯᠵᠢᠬᠦᠯᠬᠦ ᠳᠤ ᠴᠢᠬᠤᠯᠠ  ᠦᠢᠯᠡᠳᠦᠯ ᠥᠵᠡᠬᠦᠯᠵᠤ  ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号