ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠥᠯ ᠵᠡᠷᠭᠡ ᠵᠦᠢᠯᠡᠰ ᠢ ᠰᠤᠳᠤᠯᠵᠠᠢ
ᠨᠡᠶᠢᠲᠡᠯᠡᠭᠰᠡᠨ ᠴᠠᠭ᠄
2024/1/9
                 1 ᠰᠠᠷ᠎ᠠ ᠶᠢᠨ 6 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠰᠢᠨ᠎ᠡ ᠵᠢᠯ ᠤᠨ ᠪᠠᠶᠠᠷ ᠤᠨ ᠦᠭᠡ ᠪᠣᠯᠣᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠢᠯᠠᠩᠭᠤᠶ᠎ᠠ ︽ᠥᠪᠥᠷ ᠮᠣᠩᠭᠤᠯ ᠤᠨ ᠬᠠᠭᠤᠳᠠᠰᠤ︾ ᠶᠢ ᠰᠠᠶᠢᠲᠤᠷ ᠰᠤᠷᠤᠯᠴᠠᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠭᠡᠷᠡᠭᠲᠡᠶ︔ ᠤᠯᠤᠰ ᠲᠦᠷᠦ ᠶᠢᠨ ᠰᠡᠷᠭᠡᠭ ᠴᠢᠨᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠳᠤ ᠴᠥᠮ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠲᠡᠢ︔ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ ᠠᠮᠵᠢᠯᠲᠠ ᠪᠦᠳᠤᠮᠵᠢ ᠶᠢᠨ ᠦᠵᠡᠯᠲᠡ ᠶᠢ ᠪᠠᠲᠤ ᠪᠤᠶ ᠪᠤᠯᠭᠠᠵᠤ᠂ ᠪᠣᠳᠠᠲᠤ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠬᠦᠴᠢᠷ ᠶᠠᠪᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠬᠢᠯᠡᠭᠦᠯᠦᠮᠡᠭᠴᠡ ᠳᠠᠶᠢᠯᠠᠯᠳᠤᠭᠠᠨ ᠢᠶᠠᠨ ᠡᠬᠢᠯᠡᠭᠦᠯᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ﹀ ᠪᠠᠶᠢᠬᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠬᠤ ᠲᠤᠬᠠᠢ ᠬᠤᠷᠢᠨ ᠵᠤᠷᠪᠤᠰ ᠠᠷᠭ᠎ᠠ ᠬᠡᠮᠵᠢᠶ᠎ᠡ︾ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠨᠥᠬᠦᠳ ᠲᠦᠷᠦᠭᠦᠯᠡᠨ ᠰᠠᠬᠢᠯᠭ᠎ᠠ ᠪᠠᠲᠤ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠨ᠂ ︽ᠵᠢᠷᠭᠤᠭᠠᠨ ᠢᠨᠵᠧᠨᠧᠷᠢᠩ︾ ᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠬᠡᠷᠡᠭᠵᠢᠭᠦᠯᠬᠦ ᠲᠥᠰᠥᠯ ᠢ ᠱᠠᠯᠠᠪᠳᠠᠨ ᠰᠤᠳᠤᠯᠵᠤ᠂ ᠣᠨ ᠤ ᠠᠵᠢᠯ ᠤᠨ ᠨᠠᠷᠢᠨ ᠲᠠᠩᠰᠠ ᠶᠢ ᠲᠣᠳᠣᠷᠬᠠᠶᠢᠯᠠᠨ᠂ ᠡᠷᠲᠡᠬᠡᠨ ᠬᠥᠳᠡᠯᠦᠯᠴᠡᠵᠦ᠂ ᠪᠦᠭᠦ ᠬᠦᠴᠦᠨ ᠢᠶᠠᠷ ᠢᠶᠠᠨ ᠠᠳᠬᠤᠨ᠂ ᠲᠦᠷᠭᠡᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ᠵᠢᠴᠢ 2024 ᠣᠨ ᠤ ᠠᠵᠢᠯ ᠤᠨ ᠭᠤᠣᠯᠳᠠᠯᠭ᠎ᠠ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠰᠠᠨᠠᠯ ᠵᠢᠴᠢ ᠢᠵᠢ ᠪᠦᠷᠢᠳᠦᠭᠦᠯᠦᠭᠰᠡᠨ ᠲᠤᠯᠤᠭᠠᠨ ᠠᠵᠢᠯᠯᠠᠭ᠎ᠠ ᠶᠢᠨ ᠲᠥᠰᠥᠯ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠬᠡᠷᠡᠭᠵᠢᠭᠦᠯᠬᠦ ᠲᠥᠰᠥᠯ ᠢ ᠰᠤᠳᠤᠯᠵᠤ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ ᠪᠣᠯᠣᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ ᠬᠢᠨᠠᠨ ᠵᠥᠪᠯᠡᠵᠦ ᠪᠠᠲᠤᠯᠠᠪᠠ     
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号