ᠪᠥᠬᠦ ᠬᠤᠰᠢᠭᠤᠨ ᠤ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠎ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/10/12
        9 ᠰᠠᠷ᠎ᠠ ᠶᠢᠨ 29᠎ ᠤ ᠡᠳᠦᠷ᠂ ᠰᠢᠯᠤᠭᠤᠨ ᠬᠥᠬᠡ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠰᠢᠯᠤᠭᠤᠨ ᠬᠥᠬᠡ ᠬᠤᠰᠢᠭᠤᠨ ᠤ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ᠂ ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠤᠷᠤᠭᠰᠢᠯᠠᠯᠲᠠ ᠶᠢᠨ ᠰᠢᠨ᠎ᠡ ᠠᠶᠠᠨ — 2024 ᠣᠨ ᠤ ᠪᠥᠬᠦ ᠬᠤᠰᠢᠭᠤᠨ ᠤ ᠴᠠᠬᠢᠯᠭᠠᠨ ᠬᠦᠴᠦᠨ ᠤ ᠰᠢᠰᠲ᠋ᠧᠮ ᠎ ᠤᠨ ᠠᠵᠢᠯᠲᠠᠨ ᠠᠵᠢᠯᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠤᠯ᠎ᠠ᠃     ᠤᠷᠤᠯᠳᠤᠭᠠᠨ ᠢ ᠣᠨᠣᠯ ᠪᠠ ᠦᠢᠯᠡᠳᠦᠯᠭᠡ ᠭᠡᠬᠦ ᠬᠤᠶᠠᠷ ᠬᠡᠰᠡᠭ ᠬᠤᠪᠢᠶᠠᠵᠤ᠂ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠣᠯᠠᠨ ᠲᠠᠯ᠎ᠠ ᠶᠢᠨ ᠮᠡᠳᠡᠯᠭᠡ ᠮᠡᠳᠡᠴᠡ ᠶᠢᠨ ᠲᠤᠭᠤᠷᠢᠨ ᠳᠤ ᠬᠦᠴᠦᠳᠡᠯ ᠥᠭᠡᠷᠡᠴᠢᠯᠡᠬᠦ ᠠᠵᠢᠯᠯᠠᠭ᠎ᠠ᠂ ᠴᠠᠬᠢᠯᠭᠠᠨ ᠬᠤᠪᠢᠶᠠᠷᠢᠯᠠᠬᠤ ᠶᠢ ᠪᠠᠶᠢᠴᠠᠭᠠᠬᠤ᠂ ᠴᠠᠬᠢᠯᠭᠠᠨ ᠬᠡᠮᠵᠢᠭᠦᠷ ᠤᠭᠰᠠᠷᠠᠬᠤ᠂ ᠴᠠᠬᠢᠯᠭᠠᠨ ᠵᠠᠯᠭᠠᠬᠤ ᠵᠡᠷᠭᠡ ᠠᠭᠤᠯᠭ᠎ᠠ ᠪᠠᠷ ᠣᠷᠣᠯᠴᠠᠭᠰᠠᠳ ᠤᠨ ᠲᠤᠰᠬᠠᠶ ᠮᠡᠷᠭᠡᠵᠢᠯ ᠤᠨ ᠮᠡᠳᠡᠯᠭᠡ᠂ ᠤᠷ᠎ᠠ ᠴᠢᠳᠠᠪᠤᠷᠢ ᠶᠢᠨ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠵᠠᠶ᠃     ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠶᠡᠷᠦᠩᠬᠡᠶ ᠡᠭᠦᠷ ᠤᠨ ᠱᠦᠵᠢ᠂ ᠳᠡᠳ᠋ ᠳᠠᠭᠠᠭᠠᠮᠠᠯ ᠯᠢ ᠸᠠᠩ ᠬᠡᠯᠡᠬᠦ ᠳᠡᠭᠡᠨ᠄ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠥᠷᠭᠡᠨ ᠣᠯᠠᠨ ᠠᠵᠢᠯᠲᠠᠨ ᠠᠵᠢᠯᠴᠢᠨ ᠢ ᠬᠥᠳᠡᠯᠮᠦᠷᠢ ᠶᠢᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠎ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠳᠡᠳᠡᠨ ᠤ ᠰᠤᠷᠤᠯᠴᠠᠬᠤ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠶᠢ ᠴᠢᠩᠭᠠᠳᠬᠠᠬᠤ ᠶᠢ ᠵᠤᠷᠢᠭᠰᠠᠨ ᠶᠤᠮ᠃ ᠣᠶᠢᠷ᠎ᠠ ᠶᠢᠨ ᠵᠢᠯ᠂ ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠴᠢᠳᠠᠪᠤᠷᠢᠲᠠᠨ᠂ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠨ᠎ᠠ ᠠᠴᠠ ᠤᠷᠢᠬᠤ᠂ ᠭᠠᠳᠠᠭᠰᠢ ᠭᠠᠷᠴᠤ ᠰᠤᠷᠤᠯᠴᠠᠬᠤ ᠶᠢ ᠤᠶᠠᠯᠳᠤᠭᠤᠯᠬᠤ ᠪᠠᠷ ᠳᠠᠮᠵᠢᠭᠤᠯᠤᠨ᠂ ᠤᠷᠤᠯᠳᠤᠭᠠᠨ ᠢᠶᠠᠷ ᠬᠥᠮᠦᠵᠢᠭᠦᠯᠬᠦ ᠶᠢ ᠠᠬᠢᠭᠤᠯᠬᠤ᠂ ᠪᠣᠯᠪᠠᠰᠤᠷᠠᠯ ᠢᠶᠠᠷ ᠠᠵᠢᠯᠯᠠᠬᠤ ᠶᠢ ᠠᠬᠢᠭᠤᠯᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠶᠢᠨ ᠲᠦᠷᠭᠡᠨ ᠬᠥᠭᠵᠢᠯᠲᠡ ᠳᠤ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠵᠦ ᠪᠤᠢ ᠭᠡᠯ᠎ᠡ᠃     ᠲᠣᠰ ᠤᠷᠤᠯᠳᠤᠭᠠᠨ ᠨᠢ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠲᠠᠨ ᠠᠵᠢᠯᠴᠢᠨ ᠳᠤ ᠬᠠᠨᠳᠤᠭᠤᠯᠤᠭᠰᠠᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠠᠶᠢᠵᠦ᠂ ᠡᠭᠦᠪᠡᠷ ᠳᠠᠮᠵᠢᠭᠤᠯᠤᠨ ᠥᠷᠭᠡᠨ ᠣᠯᠠᠨ ᠠᠵᠢᠯᠲᠠᠨ ᠠᠵᠢᠯᠴᠢᠨ ᠤ ᠮᠡᠷᠭᠡᠵᠢᠯ ᠰᠤᠷᠬᠤ᠂ ᠲᠤᠬᠠᠶᠢᠯᠠᠭᠰᠠᠨ ᠠᠵᠢᠯ ᠢᠶᠠᠨ ᠰᠤᠳᠤᠯᠬᠤ᠂ ᠤᠷ᠎ᠠ ᠴᠢᠳᠠᠪᠤᠷᠢ ᠎ ᠪᠠᠨ ᠳᠡᠭᠡᠭᠰᠢᠯᠡᠭᠦᠯᠬᠦ ᠤᠷᠮ᠎ᠠ ᠵᠣᠷᠢᠭ ᠢ ᠬᠦᠭᠵᠢᠬᠡᠬᠦ ᠶᠢᠨ ᠬᠠᠮᠳᠣ᠂ ᠴᠠᠬᠢᠯᠭᠠᠨ ᠬᠠᠩᠭᠠᠬᠤ ᠠᠵᠢᠯ ᠲᠥᠷᠥᠯ ᠤᠨ ᠪᠦᠬᠦᠯᠢ ᠴᠣᠭᠴᠠ ᠶᠢᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠠᠬᠢᠯᠭᠠᠨ ᠬᠦᠴᠦᠨ ᠤ ᠰᠢᠰᠲ᠋ᠧᠮ ᠎ ᠤᠨ ᠬᠡᠪ ᠤᠨ ᠠᠵᠢᠯᠯᠠᠭ᠎ᠠ ᠶᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠳᠠᠯᠪᠢᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号