ᠳᠤᠮᠳᠠᠳᠤ ᠤᠯᠤᠰ ᠤᠨ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ ᠬᠠᠨᠳᠢᠪ ᠤᠨ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/12
       9 ᠰᠠᠷ᠎ᠠ ᠶᠢᠨ 30᠎ ᠤ ᠡᠳᠦᠷ᠂ ᠳᠤᠮᠳᠠᠳᠤ ᠤᠯᠤᠰ ᠤᠨ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ ᠬᠠᠨᠳᠢᠪ ᠤᠨ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠶᠠᠪᠤᠭᠳᠠᠯ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠳᠤᠮᠳᠠᠳᠤ ᠤᠯᠤᠰ ᠤᠨ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠶᠣᠣ ᠶᠢᠩ ᠡᠬᠢᠯᠡᠯᠳᠡ ᠶᠢᠨ ᠶᠣᠰᠣᠯᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠶᠣᠰᠣᠯᠠᠯ ᠢ ᠡᠷᠬᠢᠯᠡᠵᠡᠢ᠃    ᠶᠣᠣ ᠶᠢᠩ ᠶᠠᠷᠢᠶᠠᠨ ᠳᠠᠭᠠᠨ᠂ ᠲᠣᠰ ᠤᠳᠠᠭᠠᠨ ᠤ ᠬᠠᠨᠳᠢᠪ ᠤᠨ ᠠᠵᠢᠯᠯᠠᠭ᠎ᠠ ᠪᠤᠯ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠵᠦ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠪᠣᠳᠠᠲᠠᠶ ᠠᠷᠭ᠎ᠠ ᠬᠡᠮᠵᠢᠶ᠎ᠡ ᠪᠣᠯᠬᠤ ᠪᠥᠭᠡᠳ ᠨᠠᠩ ᠴᠤ ᠪᠠᠩᠬᠢ ᠶᠢᠨ ᠨᠡᠶᠢᠭᠡᠮ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠰᠤᠷᠭᠠᠨ ᠬᠥᠮᠦᠵᠢᠯ ᠤᠨ ᠦᠶᠯᠡᠰ ᠲᠤ ᠬᠦᠴᠦᠨ ᠨᠡᠮᠡᠷᠢᠯᠡᠵᠦ ᠮᠥᠩᠭᠦᠨ ᠭᠦᠶᠯᠭᠡᠭᠡᠨ ᠤ ᠪᠣᠯᠪᠠᠰᠤᠨ ᠎ ᠤ ᠣᠶᠢᠯᠠᠭᠠᠭᠳᠠᠬᠤᠨ ᠢ ᠦᠶᠯᠡᠳᠦᠯᠭᠡᠵᠢᠭᠦᠯᠬᠦ ᠪᠣᠳᠠᠲᠠᠶ ᠠᠵᠢᠯᠯᠠᠭ᠎ᠠ ᠪᠣᠯᠤᠨ᠎ᠠ᠃ ᠲᠠᠷᠠᠭᠠᠴᠢ ᠪᠠᠷ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠪᠠᠯᠠ ᠮᠥᠩᠭᠦ ᠶᠢᠨ ᠦᠶᠯᠡᠴᠢᠯᠡᠭᠡᠨ ᠤ ᠳᠠᠪᠠᠭᠤᠯᠢᠭ ᠢᠶᠠᠨ ᠭᠦᠶᠴᠡᠳ ᠪᠠᠳᠠᠷᠠᠭᠤᠯᠤᠨ᠂ ᠭᠠᠵᠠᠷ ᠣᠷᠣᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠦᠶᠯᠡᠰ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠨᠠᠩ ᠣᠯᠠᠨ ᠡᠰᠢᠵᠢᠭᠰᠡᠨ ᠮᠥᠩᠭᠦᠨ ᠭᠦᠶᠯᠭᠡᠭᠡᠨ ᠤ ᠳᠡᠮᠵᠢᠯᠭᠡ ᠬᠠᠩᠭᠠᠵᠤ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠎ ᠶᠢᠨ ᠶᠠᠰᠤ ᠴᠢᠨᠠᠷ ᠢ ᠳᠡᠭᠡᠭᠰᠢᠯᠡᠬᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠯ᠎ᠡ᠃    ᠶᠣᠣ ᠶᠢᠩ ᠪᠠᠰᠠ ᠳᠤᠮᠳᠠᠳᠤ ᠤᠯᠤᠰ ᠤᠨ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢ ᠲᠥᠯᠥᠭᠡᠯᠡᠨ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠨᠠᠷᠠᠳᠤ ᠰᠤᠮᠤᠨ ᠤ ᠪᠠᠭᠠᠰᠤᠬᠠᠢ ᠭᠠᠴᠠᠭᠠᠨ ᠳᠤ ᠪᠠᠯᠠ ᠮᠥᠩᠭᠦ ᠬᠠᠨᠳᠢᠪᠯᠠᠵᠤ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠤᠭᠤᠨ ᠬᠥᠬᠡ ᠬᠤᠰᠢᠭᠤᠨ ᠤ ᠰᠠᠯᠪᠤᠷᠢ ᠪᠠᠩᠬᠢ ᠠᠴᠠ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠪᠤᠯᠤᠨ ᠨᠠᠷᠠᠲᠤ ᠰᠤᠮᠤ ᠲᠠᠢ ︽ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠬᠠᠮᠲᠤᠷᠠᠯᠴᠠᠭᠠᠨ ᠤ ᠵᠥᠪᠯᠡᠯᠴᠡᠭᠡᠷ︾ ᠲᠤᠭᠳᠠᠭᠰᠠᠨ ᠪᠠᠶᠢᠨ᠎ᠠ᠃    ᠬᠥᠭᠵᠢᠯᠲᠦ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ ᠳᠡᠮᠵᠢᠯᠭᠡ ᠎ ᠳᠤ ᠲᠠᠯᠠᠷᠬᠠᠵᠤ ᠪᠠᠶᠢᠬᠤ ᠪᠠᠨ ᠢᠯᠡᠳᠭᠡᠭᠦ ᠳᠡᠭᠡᠨ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠣᠯᠠᠨ ᠵᠢᠯ ᠤᠨ ᠲᠤᠷᠰᠢ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠡᠶᠢᠭᠡᠮ ᠠᠷᠠᠳ ᠤᠨ ᠠᠮᠢᠳᠤᠷᠠᠯ ᠤᠨ ᠦᠶᠯᠡᠰ ᠲᠤ ᠦᠶᠯᠡᠴᠢᠯᠡᠬᠦ ᠵᠡᠷᠭᠡ ᠲᠠᠯ᠎ᠠ ᠪᠠᠷ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠬᠤᠶᠢᠰᠢᠳᠠ ᠦᠷᠭᠦᠯᠵᠢᠯᠡᠨ ᠲᠣᠰ ᠰᠠᠯᠠᠭ᠎ᠠ ᠮᠥᠴᠢᠷ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠮᠥᠩᠭᠦᠨ ᠭᠦᠶᠯᠭᠡᠭᠡᠨ ᠤ ᠠᠵᠢᠯ ᠲᠥᠷᠥᠯ ᠤᠨ ᠲᠣᠰ ᠪᠡᠶ᠎ᠡ ᠶᠢᠨ ᠬᠥᠭᠵᠢᠯᠲᠡ ᠶᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠮᠠᠨ ᠤ ᠬᠤᠰᠢᠭᠤᠨ ᠤ ᠠᠵᠤ ᠦᠶᠯᠡᠰ ᠤᠨ ᠬᠥᠭᠵᠢᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠦᠶᠯᠡᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠪᠠ ᠮᠥᠩᠭᠦᠨ ᠭᠦᠶᠯᠭᠡᠭᠡᠨ ᠤ ᠦᠶᠯᠡᠰ ᠤᠨ ᠬᠠᠮᠲᠤ ᠶᠢᠨ ᠬᠥᠭᠵᠢᠯᠲᠡ ᠳᠠᠪᠰᠢᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠮᠠᠨ ᠤ ᠬᠤᠰᠢᠭᠤ ᠦᠨᠡᠨᠴᠢ ᠢᠳᠡᠭᠡᠯᠳᠡᠢ᠂ ᠦᠨᠡᠨ ᠪᠣᠳᠠᠲᠠᠶ ᠠᠷᠭ᠎ᠠ ᠬᠡᠮᠵᠢᠶ᠎ᠡ ᠪᠠᠷ ᠨᠠᠩ ᠣᠯᠠᠨ ᠬᠠᠮᠲᠤᠷᠠᠯᠴᠠᠭᠠᠨ ᠤ ᠵᠦᠶᠯᠡᠰ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠭᠡᠯ᠎ᠡ᠃    ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠤᠷᠭᠠᠨ ᠬᠥᠮᠦᠵᠢᠯ ᠎ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠨᠠᠷᠠᠳᠤ ᠰᠤᠮᠤ ᠵᠢᠴᠢ ᠬᠠᠮᠢᠶ᠎ᠠ ᠪᠦᠬᠦᠢ ᠰᠤᠷᠭᠠᠭᠤᠯᠢ ᠶᠢᠨ ᠬᠠᠷᠢᠭᠤᠴᠠᠯᠭᠠᠲᠠᠨ ᠪᠠ ᠰᠢᠯᠤᠭᠤᠨ ᠬᠥᠬᠡ ᠶᠢᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠤᠭᠤᠨ ᠬᠥᠬᠡ ᠬᠤᠰᠢᠭᠤᠨ ᠤ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ ᠶᠣᠰᠣᠯᠠᠯ ᠳᠤ ᠤᠷᠤᠯᠴᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号