ᠰᠢᠯᠤᠭᠤᠨ ᠬᠥᠬᠡ ᠬᠤᠰᠢᠭᠤᠨ ᠤ ᠦᠬᠡᠷ ᠤᠨ ᠠᠷᠠᠯᠵᠢᠶᠠᠨ ᠤ ᠵᠠᠬ᠎ᠠ ᠬᠦᠭᠵᠢᠶᠡᠨᠳᠡᠢ ᠪᠠᠶᠢᠨ᠎ᠠ
ᠨᠡᠶᠢᠲᠡᠯᠡᠭᠰᠡᠨ ᠴᠠᠭ᠄
2024/10/12
        ᠤᠶᠢᠷ᠎ᠠ ᠶᠢᠨ ᠡᠳᠦᠷ ᠰᠤᠷᠪᠤᠯᠵᠢᠯᠠᠭᠴᠢ ᠶᠢ ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤᠨ ᠎ ᠳᠠᠬᠢ ᠹᠦ᠋ ᠰᠢᠨ ᠦᠬᠡᠷ ᠤᠨ ᠵᠠᠬ᠎ᠠ ᠪᠠᠷ ᠬᠦᠷᠬᠦ ᠳᠤ᠂ ᠦᠬᠡᠷ ᠢᠶᠠᠨ ᠬᠤᠳᠠᠯᠳᠤᠬᠤ ᠪᠠᠷ ᠠᠪᠴᠢᠷᠠᠭᠰᠠᠨ ᠮᠠᠯᠴᠢᠳ ᠬᠤᠳᠠᠯᠳᠤᠨ ᠠᠪᠤᠭᠴᠢ ᠲᠠᠢ ᠦᠨ᠎ᠡ ᠬᠠᠶᠠᠯᠴᠠᠨ ᠲᠤᠬᠠᠶ ᠶᠢᠨ ᠲᠠᠯᠠᠪᠠᠢ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃     ᠳ᠋ᠠ ᠹᠸᠢ ᠨᠢᠦ ᠮᠠᠯᠵᠢᠯ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠯᠢᠦ ᠳ᠋ᠢ ᠳ᠋ᠦᠩ ᠬᠡᠯᠡᠬᠦ ᠳᠡᠭᠡᠨ᠄ ︽ᠠᠳᠡᠬᠢ ᠡᠷ᠎ᠡ ᠲᠣᠭᠤᠯ ᠨᠡᠯᠢᠶᠡᠳ ᠰᠠᠶᠢᠨ᠂ ᠡᠯ᠎ᠡ ᠲᠠᠯ᠎ᠠ ᠪᠠᠷ ᠪᠦᠷ ᠮᠠᠨ ᠤ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃ ᠪᠢᠲᠠ ᠵᠢᠯ ᠪᠦᠷᠢ ᠠᠳᠡ ᠢᠷᠡᠵᠦ ᠬᠤᠳᠠᠯᠳᠤᠨ ᠠᠪᠳᠠᠭ᠂ ᠠᠳᠡᠬᠢ ᠶᠢᠨ ᠦᠢᠯᠡᠴᠢᠯᠡᠭᠡ ᠨᠢ ᠴᠦ ᠰᠠᠶᠢᠨ︾ ᠬᠡᠯ᠎ᠡ᠃     ᠹᠦ᠋ ᠰᠢᠨ ᠦᠬᠡᠷ ᠤᠨ ᠠᠷᠠᠯᠵᠢᠶᠠᠨ ᠤ ᠵᠠᠬ᠎ᠠ ᠶᠢ 1500 ᠭᠠᠷᠤᠶ ᠲᠦᠮᠡᠨ ᠲᠥᠭᠦᠷᠢᠭ ᠤᠨ ᠪᠠᠯᠠ ᠤᠷᠤᠭᠤᠯᠤᠨ ᠪᠠᠶᠢᠭᠤᠯᠵᠤ᠂ 100 ᠭᠠᠷᠤᠢ ᠮᠤ᠋ ᠳᠠᠯᠠᠪᠠᠢ ᠲᠠᠢ᠃ ᠲᠤᠰ ᠵᠠᠬ᠎ᠠ ᠨᠢ ᠠᠷᠠᠯᠵᠢᠶᠠᠯᠠᠭᠴᠢ ᠳᠤ ᠦᠬᠡᠷ ᠎ ᠤᠨ ᠬᠠᠰᠢᠶ᠎ᠠ ᠰᠠᠷᠠᠪᠴᠢ᠂ ᠬᠢᠵᠢᠭ ᠪᠠᠶᠢᠴᠠᠭᠠᠬᠤ᠂ ᠪᠣᠷᠣᠯᠠᠭᠤᠯᠬᠤ ᠵᠡᠷᠭᠡ ᠨᠢᠭᠡ ᠴᠣᠭᠴᠠᠵᠢᠭᠰᠠᠨ ᠦᠶᠯᠡᠴᠢᠯᠡᠭᠡ ᠬᠠᠩᠭᠠᠳᠠᠭ ᠰᠢᠯᠤᠭᠤᠨ ᠬᠦᠭᠡ ᠬᠤᠰᠢᠭᠤᠨ ᠤ ᠬᠡᠪᠴᠢᠶ᠎ᠠ ᠪᠠᠷ ᠨᠡᠯᠢᠶᠡᠳ ᠳᠤᠮᠤ ᠦᠭᠡᠷ ᠤᠨ ᠠᠷᠠᠯᠵᠢᠶᠠᠨ ᠤ ᠵᠠᠬ᠎ᠠ ᠪᠤᠯᠬᠤ ᠶᠤᠮ᠃ 2019 ᠣᠨ ᠳᠤ ᠨᠡᠭᠡᠭᠡᠭᠰᠡᠨ ᠠᠴᠠ ᠣᠲᠣ ᠪᠣᠯᠲᠠᠯ᠎ᠠ ᠵᠢᠯ ᠪᠦᠷᠢ ᠶᠢᠨ ᠠᠷᠠᠯᠵᠢᠶᠠᠯᠠᠭᠰᠠᠨ ᠦᠭᠡᠷ ᠎ ᠤᠨ ᠲᠤᠭ᠎ᠠ 5 ᠲᠦᠮᠡ ᠭᠠᠷᠤᠶ ᠲᠣᠯᠣᠭᠠᠶ ᠳᠤ ᠬᠦᠷᠴᠦ᠂ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠪᠦᠯᠬᠦᠮ ᠪᠠ ᠪᠦᠷᠢᠨ ᠲᠡᠭᠦᠯᠳᠡᠷ ᠠᠷᠠᠯᠵᠢᠶᠠᠨ ᠤ ᠲᠦᠷᠢᠮ ᠲᠣᠭᠲᠠᠭᠠᠯ᠂ ᠴᠢᠨᠠᠷ ᠰᠠᠶᠢᠲᠠᠶ ᠦᠶᠯᠡᠴᠢᠯᠡᠭᠡᠨ ᠤ ᠪᠠᠲᠤᠯᠠᠭ᠎ᠠ ᠵᠡᠷᠭᠡ ᠎ ᠪᠠᠷ ᠢᠶᠠᠨ ᠪᠤᠷᠳᠤᠨ ᠳᠠᠷᠭᠤᠯᠠᠭᠤᠯᠬᠤ ᠡᠷᠦᠬᠡ ᠪᠠ ᠬᠤᠳᠠᠯᠳᠣᠨ ᠠᠪᠤᠠᠠᠴᠢ ᠳᠤ ᠲᠥᠪ ᠭᠤᠤᠯᠴᠢ ᠠᠷᠠᠯᠵᠢᠶᠠᠨ ᠤ ᠲᠠᠯᠠᠪᠤᠷ ᠬᠠᠩᠭᠠᠵᠤ ᠪᠣᠢ᠃     ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠳᠠᠶᠢᠴᠢᠯᠠᠯᠲᠠ ᠳᠣᠤᠷ᠎ᠠ᠂ ᠰᠢᠯᠤᠭᠤᠨ ᠬᠥᠬᠡ ᠬᠤᠰᠢᠭᠤᠨ ᠎ ᠤ ᠪᠤᠷᠳᠤᠨ ᠳᠠᠷᠭᠤᠯᠠᠭᠤᠯᠬᠤ ᠠᠵᠤ ᠦᠶᠯᠡᠰ ᠥᠷᠨᠢᠨ ᠬᠥᠭᠵᠢᠬᠦ ᠬᠠᠨᠳᠤᠰᠢ ᠢᠯᠡᠷᠡᠵᠦ᠂ ᠬᠡᠪᠴᠢᠶ᠎ᠡ ᠨᠢ ᠲᠠᠰᠤᠷᠠᠯᠲᠠ ᠦᠭᠡᠢ ᠦᠷᠭᠡᠵᠢᠵᠦ᠂ ᠬᠠᠮᠢᠶ᠎ᠠ ᠪᠥᠬᠦᠶ ᠠᠵᠤ ᠦᠶᠯᠡᠰ ᠤᠨ ᠬᠡᠯᠬᠢᠶ᠎ᠡ ᠴᠦ ᠤᠯᠠᠮ ᠨᠢᠭᠡ ᠠᠯᠬᠤᠮ ᠳᠡᠭᠦᠯᠳᠡᠷᠵᠢᠭᠰᠡᠨ ᠪᠠᠶᠢᠨ᠎ᠠ᠃ ᠵᠢᠱᠢᠶᠡᠯᠡᠪᠡᠯ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠮᠠᠯ ᠡᠮᠨᠡᠯᠭᠡ ᠶᠢᠨ ᠦᠶᠯᠡᠴᠢᠯᠡᠭᠡ᠂ ᠦᠬᠡᠷ ᠤᠨ ᠮᠢᠬ᠎ᠠ ᠪᠣᠯᠪᠠᠰᠤᠷᠠᠭᠤᠯᠬᠤ ᠵᠡᠷᠭᠡ ᠠᠵᠢᠯ ᠲᠥᠷᠥᠯ ᠬᠤᠶᠢᠨ᠎ᠠ ᠬᠤᠶᠢᠨ᠎ᠠ ᠠᠴᠠ ᠪᠠᠨ ᠬᠥᠭᠵᠢᠵᠦ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃     ᠰᠢᠯᠤᠭᠤᠨ ᠬᠥᠬᠡ ᠬᠤᠰᠢᠭᠤᠨ ᠤ ᠰᠠᠩ ᠤᠨ ᠳᠠᠯᠠᠢ ᠪᠠᠯᠭᠠᠰᠤᠨ ᠤ ᠹᠦ᠋ ᠰᠢᠨ ᠦᠬᠡᠷ ᠤᠨ ᠠᠷᠠᠯᠵᠢᠶᠠᠨ ᠤ ᠵᠠᠬ᠎ᠠ ᠶᠢᠨ ᠬᠠᠷᠢᠭᠤᠴᠠᠯᠭᠠᠲᠠᠨ ᠵᠠᠩ ᠭᠦᠸᠧ ᠳ᠋ᠦᠩ ᠬᠡᠯᠡᠬᠦ ᠳᠡᠭᠡᠨ᠄ ︽ᠪᠢᠳᠡ ᠡᠨᠡ ᠵᠢᠯ ᠤᠨ 7 ᠰᠠᠷ᠎ᠠ ᠶᠢᠨ 26 ᠎ ᠤ ᠡᠳᠦᠷ ᠠᠴᠠ ᠡᠬᠢᠯᠡᠵᠦ ᠠᠵᠢᠯᠯᠠᠨ ᠣᠳᠣ ᠪᠣᠯᠲᠠᠯ᠎ᠠ ᠪᠠᠷᠤᠭ 2 ᠲᠦᠮᠡ ᠠᠴᠠ 3 ᠲᠦᠮᠡ ᠣᠷᠴᠢᠮ ᠦᠭᠡᠷ ᠠᠷᠠᠯᠵᠢᠶᠠᠯᠠᠵᠤ᠂ ᠡᠳᠦᠷ ᠪᠦᠷᠢ ᠪᠠᠷᠤᠭ 600᠎ ᠠᠴᠠ 700 ᠲᠣᠯᠣᠭᠠᠶ ᠬᠦᠷᠳᠡᠭ᠃ ᠡᠨᠡ ᠵᠢᠯ ᠤᠨ ᠦᠬᠡᠷ ᠤᠨ ᠦᠨ᠎ᠡ ᠲᠡᠶᠢᠮᠦ ᠰᠠᠶᠢᠨ ᠪᠢᠰᠢ ᠪᠤᠯᠪᠠᠴᠤ᠂ ᠪᠢᠳᠡ ᠭᠠᠳᠠᠨ᠎ᠠ ᠶᠢᠨ ᠬᠤᠳᠠᠯᠳᠤᠭᠠᠴᠢᠨ ᠢ ᠲᠠᠲᠠᠵᠤ ᠦᠬᠡᠷ ᠤᠨ ᠠᠷᠠᠯᠵᠢᠶᠠᠨ ᠤ ᠵᠠᠬ᠎ᠠ ᠳᠤ ᠠᠪᠴᠢᠷᠠᠨ ᠰᠢᠭᠤᠳ ᠬᠤᠳᠠᠯᠳᠤᠨ ᠠᠪᠣᠭᠤᠯᠵᠦ᠂ ᠡᠨᠡ ᠨᠢ ᠬᠡᠷ ᠲᠡᠭᠡᠨ ᠬᠤᠳᠠᠯᠳᠤᠬᠤ ᠎ ᠠᠴᠠ ᠢᠯᠡᠬᠦᠦ ᠦᠨ᠎ᠡ ᠬᠦᠷᠳᠡᠭ᠃ ᠲᠠᠷᠠᠭᠠᠴᠢ ᠪᠠᠷ ᠪᠢᠳᠡ ᠬᠠᠮᠢᠶᠠᠷᠤᠯᠲᠠ ᠪᠠᠨ ᠤᠯᠠᠮ ᠴᠢᠩᠭᠠᠳᠬᠠᠨ᠂ ᠦᠶᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠨ᠎ᠡ ᠬᠠᠩᠰᠢ ᠶᠢ ᠨᠠᠩ ᠲᠣᠬᠢᠷᠠᠮᠵᠢᠲᠠᠶ ᠪᠣᠯᠭᠠᠨ᠎ᠠ︾ ᠭᠡᠯ᠎ᠡ᠃     ᠰᠢᠯᠤᠭᠤᠨ ᠬᠥᠬᠡ ᠬᠤᠰᠢᠭᠤᠨ ᠤ ᠹᠦ᠋ ᠰᠢᠨ ᠦᠬᠡᠷ ᠤᠨ ᠠᠷᠠᠯᠵᠢᠶᠠᠨ ᠤ ᠵᠠᠬ᠎ᠠ ᠨᠢ ᠰᠢᠯᠤᠭᠤᠨ ᠬᠥᠬᠡ ᠬᠤᠰᠢᠭᠤᠨ ᠤ ᠪᠤᠷᠳᠤᠨ ᠳᠠᠷᠭᠤᠯᠠᠭᠤᠯᠬᠤ ᠡᠷᠦᠬᠡ ᠶᠢ ︽ᠦᠬᠡᠷ ᠤᠨ ᠠᠵᠤ ᠦᠶᠯᠡᠰ︾᠎ ᠤᠨ ᠬᠥᠭᠵᠢᠯᠲᠡ ᠶᠢᠨ ᠵᠠᠮ ᠎ ᠢᠶᠠᠷ ᠵᠠᠮᠨᠠᠬᠤ ᠳᠤ ᠢᠳᠡᠪᠬᠢᠳᠡᠢ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠥᠬᠡᠶ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠲᠡᠶ ᠪᠠᠳᠤᠯᠠᠭ᠎ᠠ ᠬᠠᠩᠭᠠᠵᠤ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号