ᠰᠢᠯᠤᠭᠤᠨ ᠬᠥᠬᠡ ᠬᠤᠰᠢᠭᠤ ᠡᠪᠡᠰᠦᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/10/12
          ᠰᠢᠯᠤᠭᠤᠨ ᠬᠥᠬᠡ ᠬᠤᠰᠢᠭᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ᠂ ᠡᠪᠡᠰᠦ ᠪᠤᠷᠳᠤᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠬᠠᠮᠲᠤᠷᠠᠯᠴᠠᠭᠠᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠳᠡᠳᠭᠦᠭᠦ᠂ ᠰᠢᠨᠵᠢᠯᠡᠬᠦ ᠤᠬᠠᠭᠠᠨ ᠮᠡᠷᠭᠡᠵᠢᠯ ᠎ ᠤᠨ ᠦᠶᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠬᠤ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠡᠵᠢᠭᠡᠯ ᠡᠪᠡᠰᠦᠨ ᠤ ᠠᠵᠤ ᠦᠶᠯᠡᠰ ᠤᠨ ᠬᠥᠭᠵᠢᠯᠲᠡ ᠶᠢᠨ ᠬᠡᠪᠴᠢᠶᠡᠵᠢᠯ᠂ ᠪᠠᠷᠢᠮᠵᠢᠶᠠᠵᠢᠯ ᠪᠤᠯᠤᠨ ᠮᠠᠰᠢᠨᠴᠢᠯᠠᠯᠲᠠ ᠶᠢ ᠪᠡᠶᠡᠯᠡᠭᠦᠯᠵᠦ ᠪᠤᠢ᠃       ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠳᠠᠬᠢ ᠲᠣᠭᠠᠴᠢᠯᠠᠭᠰᠠᠨ ᠡᠪᠡᠰᠦᠨ ᠤ ᠦᠶᠯᠡᠰ ᠤᠨ ᠲᠣᠭᠤᠷᠢᠭ ᠤᠨ 8 ᠰᠠᠭᠤᠷᠢ ᠡᠪᠡᠰᠦ ᠨᠥᠭᠡᠴᠡᠯᠡᠬᠦ ᠬᠥᠮᠥᠷᠭᠡ ᠳᠤ ᠲᠦᠭᠦᠷᠡᠩ ᠡᠪᠡᠰᠦ ᠬᠤᠷᠢᠶᠠᠵᠤ᠂ ᠨᠥᠭᠦᠭᠡ ᠲᠠᠯ᠎ᠠ ᠎ ᠳᠤᠨᠢ ᠠᠵᠢᠯᠴᠢᠳ ᠲᠤᠰᠬᠠᠢ ᠮᠠᠰᠢᠨ ᠲᠦᠭᠦᠭᠡᠷᠦᠮᠵᠢ ᠶᠢ ᠠᠰᠢᠭᠯᠠᠨ ᠲᠡᠵᠢᠭᠡᠯ ᠪᠤᠷᠳᠤᠭ᠎ᠠ ᠦᠶᠯᠡᠳᠪᠦᠷᠢᠯᠡᠵᠦ ᠪᠠᠶᠢᠪᠠ᠃       ᠰᠠᠩ ᠤᠨ ᠲᠡᠯᠡᠶ ᠳᠠᠬᠢ ᠲᠣᠭᠠᠴᠢᠯᠠᠭᠰᠠᠨ ᠡᠪᠡᠰᠦᠨ ᠤ ᠦᠶᠯᠡᠰ ᠤᠨ ᠲᠣᠭᠤᠷᠢᠭ ᠪᠣᠯ ᠰᠢᠯᠤᠭᠤᠨ ᠬᠥᠬᠡ ᠬᠤᠰᠢᠭᠤᠨ ᠤ 2023 ᠣᠨ ᠳᠤ ᠭᠡᠷᠡᠭᠵᠢᠬᠦᠯᠦᠭᠰᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢᠨ ᠲᠥᠷᠥᠯ ᠵᠦᠶᠯ ᠪᠤᠯᠬᠤ ᠪᠠᠷ ᠪᠠᠷᠠᠬᠤ ᠦᠭᠡᠢ ᠰᠢᠯᠤᠭᠤᠨ ᠬᠥᠬᠡ ᠬᠤᠰᠢᠭᠤᠨ ᠤ ᠡᠪᠡᠰᠦ ᠪᠡᠯᠴᠢᠭᠡᠷ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯᠳᠠᠯᠭ᠎ᠠ ᠲᠠᠢ ᠲᠥᠷᠥᠯ ᠵᠦᠶᠯ ᠤᠨ ᠨᠢᠭᠡ ᠪᠣᠯᠤᠨ᠎ᠠ᠃ ᠲᠤᠰ ᠲᠣᠭᠤᠷᠢᠭ ᠨᠢ ᠣᠳᠣ ᠦᠶ᠎ᠡ ᠶᠢᠨ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠪᠠᠷ ᠭᠤᠣᠯ ᠪᠣᠯᠭᠠᠨ᠂ ᠲᠡᠵᠢᠭᠡᠯ ᠡᠪᠡᠰᠦ ᠬᠤᠷᠢᠶᠠᠨ ᠨᠥᠭᠡᠴᠡᠯᠡᠬᠦ ᠪᠠ ᠬᠦᠷᠭᠡᠬᠦ᠂ ᠬᠤᠯᠢᠮᠠᠭ ᠪᠤᠷᠳᠤᠭ᠎ᠠ ᠦᠢᠯᠡᠳᠪᠦᠷᠢᠯᠡᠬᠦ ᠶᠢ ᠪᠡᠶᠡᠯᠡᠭᠦᠯᠵᠦ᠂ ᠡᠳᠦᠷ ᠲᠤ 700 ᠲᠣᠨ ᠬᠤᠯᠢᠮᠠᠭ ᠪᠤᠷᠳᠤᠭ᠎ᠠ ᠦᠢᠯᠡᠳᠪᠦᠷᠢᠯᠡᠬᠦ ᠥᠷᠲᠡᠭᠡ ᠪᠠᠶᠢᠭᠤᠯᠤᠨ᠂ ᠲᠡᠵᠢᠭᠡᠯ ᠡᠪᠡᠰᠦᠨ ᠤ ᠠᠵᠤ ᠦᠢᠯᠡᠰ ᠤᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠵᠤ᠂ ᠭᠦᠢᠯᠭᠡᠭᠡᠨ ᠤ ᠭᠤᠭᠴᠤᠭ᠎ᠠ ᠶᠢ ᠪᠠᠭᠠᠰᠬᠠᠨ᠂ ᠥᠪᠡᠷ ᠤᠨ ᠥᠷᠲᠡᠭ ᠢ ᠪᠠᠭᠤᠷᠠᠭᠤᠯᠵᠤ᠂ ᠮᠠᠯᠴᠢᠨ ᠲᠠᠷᠢᠶᠠᠴᠢᠳ ᠲᠤ ᠬᠢᠮᠳᠠ ᠮᠦᠷᠳᠡᠭᠡᠨ ᠴᠢᠨᠠᠷ ᠰᠠᠶᠢᠲᠠᠢ ᠡᠪᠡᠰᠦ ᠪᠣᠷᠳᠤᠭ᠎ᠠ ᠬᠠᠩᠭᠠᠵᠤ ᠪᠤᠢ᠃        ᠥᠪᠥᠷ ᠮᠣᠩᠭᠤᠯ ᠤᠨ ᠲᠤᠭᠠᠴᠢᠯᠠᠭᠰᠠᠨ ᠲᠡᠵᠢᠭᠡᠯ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠳᠠᠷᠤᠭ᠎ᠠ ᠰᠢᠶᠠ ᠬᠠᠢ ᠫᠧᠩ ᠬᠡᠯᠡᠬᠦ ᠳᠡᠭᠡᠨ᠄ ︽ᠪᠢᠳᠡ ᠳᠡᠵᠢᠭᠡᠯ ᠡᠪᠡᠰᠦ ᠶᠢ ᠶᠡᠭᠡ ᠬᠡᠮᠵᠢᠶ᠎ᠡ ᠪᠠᠷ ᠨᠥᠭᠡᠴᠡᠯᠡᠵᠦ᠂ ᠭᠤᠤᠯᠳᠠᠭᠤ ᠡᠳᠦᠷ ᠲᠤᠲᠤᠮ ᠤᠨ ᠬᠡᠷᠡᠭᠯᠡᠯᠲᠡ ᠪᠠ ᠪᠠᠴᠢᠮ ᠬᠡᠷᠡᠭᠴᠡᠭᠡ ᠲᠠᠢ ᠦᠶᠡᠰ ᠬᠡᠷᠡᠭᠯᠡᠨ᠎ᠡ᠃ ᠣᠳᠣᠬᠠᠨ ᠳᠤ ᠨᠢᠭᠡᠨᠲᠡ 1800 ᠲᠣᠨ ᠨᠦᠭᠡᠴᠡᠯᠡᠭᠡᠳ ᠪᠤᠢ︾ ᠭᠡᠯ᠎ᠡ᠃       ᠣᠶᠢᠷ᠎ᠠ ᠶᠢᠨ ᠵᠢᠯ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠵᠢᠭᠡᠯ ᠪᠣᠷᠳᠤᠭ᠎ᠠ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠲᠠᠢ ᠬᠠᠮᠳᠤᠷᠠᠯᠴᠠᠨ ᠬᠢᠮᠳᠠ ᠦᠨ᠎ᠡ ᠪᠠᠷ ᠮᠠᠯᠴᠢᠨ ᠲᠠᠷᠢᠶᠠᠴᠢᠨ ᠳᠤ ᠴᠢᠨᠠᠷ ᠰᠠᠶᠢᠲᠠᠶ ᠲᠡᠵᠢᠭᠡᠯ ᠪᠣᠷᠳᠤᠭ᠎ᠠ ᠬᠠᠩᠭᠠᠵᠤ᠂ ᠲᠠᠷᠢᠶᠠᠨ ᠤ ᠡᠰᠢ ᠰᠦᠷᠡᠯ ᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠡᠢ᠃ ᠡᠭᠦᠨ ᠤ ᠬᠠᠮᠲᠤ ᠡᠪᠡᠰᠦ ᠪᠤᠷᠳᠤᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠠᠮᠤᠷ ᠲᠦᠪᠰᠢᠨ ᠎ ᠢ ᠪᠠᠳᠤᠯᠠᠨ᠂ ᠮᠠᠯ ᠠᠵᠤ ᠠᠬᠤᠶ ᠶᠢᠨ ᠲᠣᠭᠲᠠᠭᠤᠨ ᠬᠥᠭᠵᠢᠯᠲᠡ ᠳᠤ ᠪᠠᠲᠤᠯᠠᠭ᠎ᠠ ᠬᠠᠩᠭᠠᠵᠤ ᠪᠤᠢ᠃      ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠰᠢᠯᠤᠭᠤᠨ ᠬᠥᠬᠡ ᠬᠤᠰᠢᠭᠤ 19.1 ᠲᠦᠮᠡᠨ ᠲᠣᠨ ᠡᠪᠡᠰᠦ ᠬᠠᠳᠤᠵᠤ᠂ 30.5 ᠲᠦᠮᠡᠨ ᠲᠣᠨ ᠨᠣᠭᠤᠭᠠᠨ ᠳᠠᠷᠤᠰᠢ᠂ 2.5 ᠲᠦᠮᠡᠨ ᠲᠣᠨ ᠨᠣᠬᠠᠶ ᠶᠢᠨ ᠬᠤᠰᠢᠭᠤ ᠨᠦᠭᠡᠴᠡᠯᠡᠵᠦ᠂ ᠮᠠᠯ ᠰᠦᠷᠦᠭ ᠤᠨ ᠮᠡᠨᠳᠦ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠶ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号