ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠣᠬᠳᠠᠭᠤᠯᠪᠡ
ᠨᠡᠶᠢᠲᠡᠯᠡᠭᠰᠡᠨ ᠴᠠᠭ᠄
2024/10/12
         10 ᠰᠠᠷ᠎ᠠ ᠶᠢᠨ 8᠎ ᠤ ᠡᠳᠦᠷ᠂ ᠤᠯᠤᠰ ᠤᠨ ᠪᠠᠶᠠᠷ ᠤᠨ ᠠᠮᠠᠷᠠᠯᠲᠠ ᠶᠢᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠰᠢᠯᠤᠭᠤᠨ ᠬᠥᠬᠡ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠣᠬᠳᠠᠭᠤᠯᠵᠣ ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠥᠷᠭᠡᠨ ᠣᠯᠠᠨ ᠭᠠᠶᠢᠯᠢ ᠎ ᠶᠢᠨ ᠶᠠᠪᠤᠳᠠᠯ ᠤᠨ ᠺᠠᠳ᠋ᠷ ᠤᠨ ᠡᠷᠴᠢ ᠵᠣᠷᠢᠭ ᠢ ᠬᠥᠪᠴᠢᠯᠡᠨ᠂ ᠡᠯ᠎ᠡ ᠵᠦᠶᠯ ᠤᠨ ᠠᠵᠢᠯ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠵᠣᠷᠢᠭᠵᠢᠭᠤᠯᠪᠠ᠃      ᠦᠳᠡ ᠶᠢᠨ ᠡᠮᠦᠨᠡᠬᠢ 8 ᠴᠠᠭ 40 ᠮᠢᠨᠦ᠋ᠲ ᠲᠤ᠂ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾᠎ ᠶᠢᠨ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠭᠠᠶᠢᠯᠢ ᠶᠢᠨ ᠶᠠᠪᠤᠳᠠᠯ ᠤᠨ ᠺᠠᠳ᠋ᠷᠴᠤᠳ ᠲᠥᠪ ᠬᠢᠴᠢᠶᠡᠩᠭᠦᠢ ᠪᠠᠷ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ᠂ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠨ᠂ ᠡᠷᠡᠯᠬᠡᠭᠯᠡᠨ ᠤᠷᠤᠭᠰᠢᠯᠠᠬᠤ ᠲᠡᠮᠡᠴᠡᠯ ᠤᠨ ᠵᠣᠷᠢᠭ ᠢᠶᠠᠨ ᠢᠯᠡᠳᠬᠡᠵᠦ᠂ ᠠᠭᠤᠤ ᠶᠡᠭᠡ ᠡᠬᠡ ᠤᠯᠤᠰ ᠤᠨ ᠢᠶᠠᠨ ᠴᠡᠴᠡᠭᠯᠡᠨ ᠬᠥᠭᠵᠢᠬᠦ ᠶᠢ ᠬᠠᠮᠳᠤ ᠳᠠᠭᠠᠨ ᠬᠦᠰᠡᠨ ᠵᠥᠩᠨᠡᠪᠡ᠃       ᠭᠠᠶᠢᠯᠢ ᠶᠢᠨ ᠶᠠᠪᠤᠳᠠᠯ ᠤᠨ ᠺᠠᠳ᠋ᠷᠴᠤᠳ ᠢᠯᠡᠷᠬᠡᠶᠢᠯᠡᠬᠦ ᠳᠡᠭᠡᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠨᠠᠮ ᠪᠠ ᠤᠯᠤᠰ ᠤᠨ ᠭᠠᠶᠢᠯᠢ  ᠶᠢᠨ ᠶᠠᠪᠤᠳᠠᠯ ᠤᠨ ᠦᠶᠯᠡᠰ ᠤᠨ ᠬᠥᠭᠵᠢᠯᠲᠡ ᠳᠤ ᠦᠶᠯᠡᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号