ᠰᠢᠯᠤᠭᠤᠨ ᠬᠥᠬᠡ ᠬᠤᠰᠢᠭᠤᠨ ᠤ ᠬᠠᠳᠤᠯᠠᠩ ᠶᠢᠨ ᠠᠵᠢᠯ ᠲᠠᠭᠤᠰᠤᠯ᠎ᠠ
ᠨᠡᠶᠢᠲᠡᠯᠡᠭᠰᠡᠨ ᠴᠠᠭ᠄
2024/10/12
          ᠰᠤᠷᠪᠤᠯᠵᠢᠯᠠᠭᠴᠢ ᠰᠠᠩ ᠤᠨ ᠲᠡᠯᠡᠶ ᠪᠠᠯᠭᠠᠰᠤᠨ ᠤ ᠭᠠᠩᠭᠠᠨᠲᠠᠯ᠎ᠠ ᠭᠠᠴᠠᠭᠠᠨ ᠤ ᠬᠠᠳᠤᠯᠠᠩ ᠤᠨ ᠲᠠᠯᠠᠪᠠᠶ ᠳᠤ ᠬᠥᠷᠬᠦ ᠳᠤ ᠡᠪᠡᠰᠦ ᠬᠠᠳᠤᠬᠤ᠂ ᠬᠠᠮᠤᠬᠤ᠂ ᠪᠣᠭᠤᠵᠢᠯᠠᠬᠤ᠂ ᠵᠥᠭᠡᠭᠡᠪᠦᠷᠢᠯᠡᠬᠦ ᠶᠢ ᠨᠢᠭᠡ ᠴᠤᠭᠴᠠᠵᠢᠭᠤᠯᠤᠨ‌‍ᠶᠠᠪᠤᠭᠳᠠᠭᠤᠯᠵᠤ ᠪᠠᠶᠢᠯ᠎ᠠ᠃      ᠨᠠᠮᠤᠷ ᠠᠴᠠ ᠨᠠᠰᠢ᠂ ᠪᠥᠬᠦ ᠬᠤᠰᠢᠭᠤᠨ ᠤ ᠶᠡᠬᠡᠩᠬᠢ ᠭᠠᠵᠠᠷ ᠲᠤ ᠬᠤᠷ᠎ᠠ ᠪᠣᠷᠣᠭᠠᠨ ᠡᠯᠪᠡᠭ ᠪᠤᠯᠬᠤᠷ ᠡᠪᠡᠰᠦ ᠪᠡᠯᠴᠢᠭᠡᠷ ᠤᠨ ᠤᠷᠭᠤᠴᠠ ᠰᠠᠶᠢᠨ ᠪᠠᠶᠢᠵᠤ ᠬᠥᠮᠦᠨ ᠠᠷᠠᠥᠨ ᠢ ᠪᠠᠶᠠᠰᠬᠠᠯ᠎ᠠ᠃ ᠥᠩᠭᠡᠷᠡᠭᠰᠡᠨ ᠵᠢᠯ ᠳᠤ ᠡᠪᠡᠰᠦᠨ ᠤ ᠭᠠᠷᠤᠯᠲᠠ ᠮᠥ ᠪᠦᠷᠢ 50 ᠺᠢᠯᠣᠭ᠍ᠷᠠᠮ ᠣᠷᠴᠢᠮ ᠪᠠᠶᠢᠠᠠᠰᠠᠠ ᠪᠤᠯ ᠡᠨᠡ ᠵᠢᠯ 70 ᠺᠢᠯᠣᠭ᠍ᠷᠠᠮ ᠠᠴᠠ ᠳᠡᠭᠡᠭᠰᠢ ᠳᠤ ᠬᠦᠷᠴᠡᠶ᠃ ᠣᠶᠢᠷ᠎ᠠ ᠶᠢᠨ ᠵᠢᠯ ᠳᠤ ᠪᠡᠯᠴᠢᠭᠡᠷ ᠰᠡᠯᠬᠦᠬᠦ᠂ ᠪᠡᠯᠴᠢᠭᠡᠷᠯᠡᠭᠦᠯᠬᠦ ᠶᠢ ᠵᠤᠠᠠᠰᠤᠭᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠠᠮᠢ ᠠᠬᠤᠢ ᠰᠡᠷᠬᠦᠵᠤ ᠮᠠᠯᠴᠢᠳ ᠤᠨ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠦᠵᠡᠯ ᠤᠬᠠᠮᠰᠠᠷ ᠴᠤ ᠳᠡᠭᠡᠭᠰᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ᠂ ᠡᠪᠡᠰᠦᠨ ᠤ ᠤᠷᠭᠤᠯᠳᠠ᠂ ᠤᠨᠠᠯᠲᠠ ᠶᠢᠨ ᠬᠡᠮᠵᠢᠶ᠎ᠡ ᠨᠡᠮᠡᠭᠳᠡᠭᠰᠡᠡ ᠪᠠᠶᠢᠨ᠎ᠠ᠃     ᠱᠠᠩᠳᠤ ᠪᠠᠯᠭᠠᠰᠤᠨ ᠤ  ᠪᠠᠶᠠᠨ ᠠᠭᠤᠯᠠ ᠭᠠᠴᠠᠭᠠᠨ ᠤ ᠮᠠᠯᠴᠢᠨ ᠮᠠᠨᠢ᠄ ︽ᠡᠨᠡ ᠵᠢᠯ ᠡᠪᠡᠰᠦᠨ ᠤ ᠤᠷᠭᠤᠴᠠ ᠰᠠᠶᠢᠨ᠂ ᠳᠥᠷᠪᠡᠨ ᠲᠦᠮᠡ ᠭᠠᠷᠤᠶ ᠵᠢᠩ ᠡᠪᠡᠰᠦ ᠬᠠᠳᠤᠵᠤ ᠨᠦᠬᠡᠴᠡᠯᠡᠵᠡᠢ᠂ ᠪᠠᠷᠤᠭ ᠡᠪᠤᠯ ᠬᠠᠪᠤᠷ ᠦᠨᠳᠦᠰᠦᠨ ᠎ ᠳᠡᠭᠡᠨ ᠬᠦᠷᠴᠢᠬᠡᠨ᠎ᠡ᠃ ᠣᠳᠣ ᠶᠠᠭ ᠬᠠᠮᠤᠭ ᠰᠡᠬᠦᠯᠴᠢ ᠶᠢᠨ ᠨᠢᠭᠡ ᠲᠡᠷᠭᠡ‌ᠡᠪᠡᠰᠦ  ᠪᠠᠨ ᠲᠡᠭᠡᠭᠡᠵᠦ ᠪᠠᠶᠢᠨ᠎ᠠ︾  ᠭᠡᠯ᠎ᠡ᠃     ᠣᠳᠣᠬᠠᠨ ᠪᠣᠯᠲᠠᠯ᠎ᠠ᠂ ᠰᠢᠯᠤᠭᠤᠨ ᠬᠥᠬᠡ ᠬᠤᠰᠢᠭᠤ 19.1 ᠲᠦᠮᠡᠨ ᠲᠣᠨ ᠡᠪᠡᠰᠤ᠂30.5 ᠲᠦᠮᠡᠨ ᠲᠣᠨ ᠨᠤᠭᠤᠭᠠᠨ ᠲᠠᠷᠤᠰᠢ ᠬᠠᠳᠤᠵᠤ ᠨᠥᠭᠡᠴᠡᠯᠡᠨ ᠡᠪᠥᠯ ᠬᠠᠪᠤᠷ ᠢ ᠮᠠᠨᠳᠤ ᠲᠤᠭᠤᠯᠬᠤ ᠳᠤ ᠪᠥᠬᠦ ᠬᠦᠴᠦᠨ ᠢᠶᠠᠷ ᠪᠠᠳᠤᠯᠠᠭ᠎ᠠ ᠬᠠᠩᠭᠠᠠᠠᠰᠠᠠ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号