ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠺᠠᠩ ᠱᠧᠤ ᠰᠤᠪᠢᠯᠠᠯᠲᠠ ᠶᠢᠨ ᠬᠦᠷᠢᠶᠡᠯᠡᠩ ᠳᠤ ᠬᠦᠷᠴᠦ ᠨᠠᠰᠤᠳᠠᠶᠢᠴᠥᠥᠨ ᠤᠨ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
        10 ᠰᠠᠷ᠎ᠠ ᠶᠢᠨ 10᠎ ᠤ ᠡᠳᠦᠷ᠂ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠨᠢ ᠬᠤᠰᠢᠭᠤ ᠡᠪᠯᠡᠯ ᠤᠨ ᠬᠤᠷᠢᠶ᠎ᠠ᠂ ᠬᠤᠶᠠᠷ ᠪᠤᠮᠪᠤ ᠨᠡᠶᠢᠭᠡᠮ ᠲᠣᠭᠤᠷᠢᠭ᠂ ᠬᠤᠶᠠᠳᠤᠭᠠᠷ ᠪᠠᠭ᠎ᠠ ᠰᠤᠷᠭᠠᠭᠤᠯᠢ ᠲᠠᠢ ᠬᠠᠮᠳᠤᠷᠠᠵᠤ ᠨᠠᠰᠤᠳᠠᠶᠢᠴᠥᠥᠨ ᠤᠨ ᠪᠠᠶᠠᠷ ᠲᠤ ᠵᠤᠷᠢᠭᠤᠯᠤᠠᠠᠰᠠᠠ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃     ᠨᠡᠶᠢᠭᠡᠮ ᠲᠣᠭᠤᠷᠢᠭ ᠤᠨ ᠤᠷᠠᠯᠢᠭ ᠤᠨ ᠨᠡᠶᠢᠭᠡᠮᠯᠢᠭ ᠤᠨ ᠲᠣᠭᠯᠠᠭᠴᠢ ᠪᠠ ᠬᠡᠦᠬᠡᠳ ᠤᠳ ᠲᠤᠠᠠᠯᠠᠯᠳᠠ ᠭᠠᠷᠭᠠᠵᠤ‌ᠨᠠᠰᠣᠳᠠᠶᠢᠴᠣᠳ ᠲᠤ ᠨᠢᠬᠡᠨ ᠴᠠᠭ ᠤᠨ ᠪᠠᠶᠠᠷ ᠪᠠᠭ᠋ᠠᠳᠤᠯ ᠢ ᠣᠯᠭᠤᠠᠠᠰᠠᠨ ᠪᠠᠶᠢᠨ᠎ᠠ᠃ ᠲᠣᠠᠠᠯᠠᠯᠳᠠ ᠶᠢᠨ ᠲᠠᠷᠠᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠰᠠᠶᠢᠨ ᠲᠤᠷᠠᠴᠤᠳ ᠨᠠᠰᠣᠳᠠᠶᠢᠴᠣᠳ ᠲᠠᠢ ᠬᠠᠮᠲᠤᠪᠠᠷ ᠡᠯ᠎ᠡ ᠵᠦᠢᠯ ᠤᠨ ᠭᠤᠶᠢᠳᠠ ᠰᠠᠶᠢᠬᠠᠨ ᠪᠠᠶᠠᠷ ᠤᠨ ᠺᠠᠷᠲ ᠵᠡᠷᠬᠡ ᠭᠠᠷ ᠣᠷᠠᠯᠠᠯ ᠤᠨ ᠪᠦᠳᠦᠬᠡᠯ ᠬᠢᠵᠦ᠂ ᠲᠤᠬᠠᠢ ᠶᠢᠨ ᠲᠠᠯᠠᠪᠠᠢ ᠳᠠᠬᠢ ᠨᠠᠰᠤᠲᠠᠶᠢᠴᠤᠳ ᠲᠤ ᠬᠦᠷᠭᠡᠭᠰᠡᠨ ᠪᠥᠭᠡᠳ ᠥᠪᠡᠷ ᠤᠨ ᠬᠠᠮᠤᠭ ᠤᠨ ᠴᠢᠩ ᠰᠡᠳᠬᠢᠯ ᠎ ᠤᠨ ᠵᠥᠩᠨᠡᠯ ᠢᠶᠠᠨ ᠳᠡᠪᠰᠢᠭᠦᠯᠪᠡ᠃ ᠰᠠᠶᠢᠨ ᠲᠤᠷᠠᠴᠤᠳ ᠪᠠᠰᠠ ᠨᠠᠰᠤᠲᠠᠨ ᠢ ᠠᠰᠠᠷᠠᠬᠤ ᠬᠦᠷᠢᠶᠡᠯᠡᠩ ᠢ ᠬᠠᠪᠰᠤᠷᠤᠨ ᠴᠡᠪᠡᠷᠯᠡᠭᠡ ᠬᠢᠵᠦ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠭᠰᠡᠨ ᠪᠠᠶᠢᠨ᠎ᠠ᠃    ᠲᠤᠰ ᠤᠳᠠᠭᠠᠨ ‍ᠤ‌ᠠᠵᠢᠯᠯᠠᠭ᠎ᠠ ᠨᠢ‌‍ᠲ᠋ᠤᠮᠳᠠᠳᠤ ᠵᠢᠨ‌ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠡᠦᠬᠡᠳ ᠤᠳ ᠤᠨ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠬᠠᠮᠰᠠᠷ ᠢ ᠬᠥᠮᠥᠵᠢᠬᠦᠯᠵᠤ ᠴᠢᠳᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号