ᠪᠢ ᠶᠠ ᠳ᠋ᠢ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠬᠦᠯᠭᠡ ᠰᠢᠯᠤᠭᠤᠨ ᠬᠥᠬᠡ ᠬᠤᠰᠢᠭᠤᠨ ᠎ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/12
       10 ᠰᠠᠷ᠎ᠠ ᠶᠢᠨ 11᠎ ᠤ ᠡᠳᠦᠷ᠂ ᠰᠢᠯᠤᠭᠤᠨ ᠬᠥᠬᠡ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠲᠧᠩ ᠳ᠋ᠠ ᠮᠠᠰᠢᠨ ᠲᠡᠷᠭᠡᠨ ᠤ ᠠᠷᠠᠯᠵᠢᠶᠡᠨ ᠤ ᠭᠠᠵᠠᠷ ᠬᠠᠮᠲᠤᠷᠠᠨ ᠡᠷᠭᠢᠯᠡᠭᠰᠡᠨ ︽ᠰᠢᠯᠣᠭᠤᠨ ᠬᠦᠬᠡ ᠬᠤᠰᠢᠭᠤ ᠳᠤ ᠬᠥᠨᠳᠣᠳᠬᠡᠯ ᠲᠡᠪᠰᠢᠬᠦᠯᠵᠣ᠂ ᠪᠢ ᠶᠠ ᠳ᠋ᠢ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠬᠦᠯᠭᠡ︾ ᠰᠢᠯᠤᠭᠤᠨ ᠬᠥᠬᠡ ᠬᠤᠰᠢᠭᠤᠨ ᠳᠤ ᠶᠠᠪᠤᠠᠠᠳᠠᠨ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠮᠠᠰᠢᠨ ᠲᠡᠷᠭᠡᠨ ᠤ ᠪᠠᠭ᠋ᠠᠳᠠᠡᠳ ᠪᠠ ᠣᠯᠠᠨ ᠲᠦᠮᠡᠨ ᠤ ᠠᠩᠬᠠᠷᠤᠯ ᠢ ᠲᠠᠲᠠᠵᠤ ᠪᠠᠶᠢᠯ᠎ᠠ᠃     ᠲᠤᠰ ᠤᠳᠠᠭᠠᠨ ᠤ ᠦᠵᠡᠬᠦᠯᠭᠡ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠢᠨᠵᠢᠯᠡᠭᠡ ᠮᠡᠷᠭᠡᠵᠢᠯ ᠢᠶᠠᠷ ᠭᠤᠤᠯ ᠪᠣᠯᠭᠠᠵᠤ᠂ ᠪᠢ ᠶᠠ ᠳ᠋ᠢ ᠮᠠᠰᠢᠨ ᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠶ᠃ ᠤᠯᠠᠨ ᠵᠠᠭᠤᠴᠢᠳᠤ ᠰᠣᠯᠢᠯᠴᠠᠭ᠎ᠠ᠂ ᠪᠣᠳᠠᠲᠤ ᠪᠣᠳᠠᠰ ᠤᠨ ᠦᠵᠡᠭᠦᠯᠭᠡ ᠵᠢᠴᠢ ᠳᠠᠭᠤᠷᠢᠶᠠᠮᠠᠯ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠢ ᠶᠠ ᠳ᠋ᠢ ᠮᠠᠰᠢᠨ ᠤ ᠤᠳᠤᠬᠢᠴᠢᠯᠠᠯᠳᠠ ᠴᠢᠨᠠᠷ᠂ ᠴᠠᠬᠢᠯᠭᠠᠨ ᠴᠡᠨᠡᠭᠯᠡᠯᠳᠡ᠂ ᠤᠶᠤᠨᠲᠤ ᠢᠨᠲ᠋ᠧᠷ ᠬᠤᠯᠪᠣᠭ᠎ᠠ ᠵᠡᠷᠭᠡ ᠭᠠᠷᠮᠠᠭᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠢᠯᠡᠷᠡᠭᠦᠯᠪᠡ᠃     ᠮᠠᠰᠢᠨ ᠲᠡᠷᠭᠡᠨ ᠤ ᠦᠵᠡᠭᠦᠯᠭᠡ ᠶᠢᠨ ᠲᠣᠭᠤᠷᠢᠭ ᠲᠤ᠂ ᠪᠢ ᠶᠠ ᠳ᠋ᠢ ᠰᠢᠨ᠎ᠡ ᠡᠨᠧᠷᠭᠢ ᠶᠢᠨ ᠮᠠᠰᠢᠨ ᠲᠡᠷᠭᠡ ᠵᠢᠭᠳᠡᠷᠡᠨ ᠲᠡᠭᠰᠢ ᠵᠢᠭᠰᠠᠵᠤ᠂ ᠲᠡᠭᠦᠨ ᠤ ᠲᠡᠷᠢᠭᠦᠨ ᠤ ᠴᠠᠬᠢᠯᠭᠠᠨ ᠬᠥᠳᠡᠯᠭᠡᠭᠦᠷᠲᠦ ᠮᠡᠷᠭᠡᠵᠢᠯ᠂ ᠣᠶᠤᠨᠴᠢ ᠰᠦᠯᠵᠢᠶᠡᠨ ᠤ ᠬᠤᠯᠪᠣᠭ᠎ᠠ ᠶᠢᠨ ᠰᠢᠰᠲ᠋ᠧᠮ ᠨᠢ ᠮᠠᠰᠢ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠠᠭ᠋ᠠᠲᠠᠶ ᠬᠥᠮᠦᠰ ᠤᠨ ᠠᠩᠬᠠᠷᠤᠯ ᠢ ᠲᠠᠲᠠᠵᠤ᠂ ᠲᠤᠰᠬᠠᠶ ᠮᠡᠷᠭᠡᠵᠢᠯ ᠤᠨ ᠠᠵᠢᠯᠲᠠᠨ ᠠᠴᠠ ᠨᠠᠷᠢᠨ ᠲᠠᠶᠢᠯᠤᠮᠵᠢ ᠬᠢᠵᠦ᠂ ᠦᠵᠡᠭᠴᠢᠳ ᠲᠤ ᠲᠤᠰ‌ᠮᠠᠰᠢᠨ ᠲᠡᠷᠭᠡᠨ ᠤ ᠬᠥᠷᠢᠶ᠎ᠡ ᠴᠠᠷᠢᠶᠠᠨ ᠳᠠᠬᠢ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠭᠦᠨᠵᠡᠭᠡᠶ ᠣᠶᠢᠯᠠᠭᠠᠭᠤᠯᠪᠠ᠃     ᠦᠵᠡᠭᠦᠯᠭᠡ ᠠᠴᠠ ᠭᠠᠳᠠᠨ᠎ᠠ᠂ ᠲᠤᠬᠠᠶ ᠵᠢᠨ‌‍ᠲ᠋ᠠᠯᠠᠪᠠᠢ ᠳᠤ ᠰᠧᠴᠤᠸᠠᠨ ᠵᠦᠴᠦᠭᠡ ᠶᠢᠨ ᠤᠷᠠᠯᠢᠭᠴᠢᠳ ᠲᠣᠭᠯᠠᠯᠲᠠ  ᠭᠠᠷᠭᠠᠠᠠᠰᠠᠠ ᠤ ᠬᠠᠮᠳᠤ ᠪᠢ ᠶᠠ ᠳ᠋ᠢ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠎ ᠶᠢᠨ ᠲᠣᠭᠤᠷᠢᠨ ᠳᠤ  ᠠᠰᠠᠭᠤᠯᠲᠠ ᠬᠠᠷᠢᠭᠤᠯᠲᠠ ᠵᠢᠨ‌‍ᠱᠠᠩᠨᠠᠯᠳᠣ ᠰᠣᠭᠤᠯᠤᠭ᠎ᠠ ᠤᠷᠤᠯᠳᠤᠭᠠᠨ ᠶᠠᠪᠤᠠᠠᠳᠠᠭᠤᠯᠵᠠᠢ᠃     ᠰᠢᠯᠤᠭᠤᠨ ᠬᠥᠬᠡ ᠬᠤᠰᠢᠭᠤᠨ ᠤ ᠲᠧᠩ ᠳ᠋ᠠ ᠮᠠᠰᠢᠨ ᠲᠡᠷᠭᠡᠨ ᠤ ᠠᠷᠠᠯᠵᠢᠶᠠᠨ ᠤ ᠭᠠᠵᠠᠷ ᠤᠨ ᠬᠠᠷᠢᠭᠤᠴᠠᠯᠭᠠᠲᠠᠨ ᠶᠠᠩ ᠶᠢᠨ ᠫᠧᠩ᠄ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠢ ᠶᠠ ᠳ᠋ᠢ ᠮᠠᠰᠢᠨ ‍ᠤ‌ᠦᠶᠯᠡᠳᠪᠦᠷᠢ ᠶᠢᠨ ᠬᠦᠴᠦᠲᠡᠶ ᠳᠡᠮᠵᠢᠯᠭᠡ ᠳᠣᠤᠷ᠎ᠠ᠂ ᠪᠢᠳᠡ ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠬᠦᠯᠭᠡ ᠶᠢ ᠶᠠᠪᠤᠠᠠᠳᠠᠭᠤᠯᠵᠤ᠂ ᠰᠢᠯᠤᠭᠤᠨ ᠬᠥᠬᠡ ᠬᠤᠰᠢᠭᠤᠨ ᠤ ᠨᠤᠲᠤᠭ ᠤᠨ ᠠᠬ᠎ᠠ ᠳᠡᠭᠦᠦ ᠨᠡᠷ ᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠠᠶᠢᠳᠠᠪᠤᠷᠢᠲᠤ ᠴᠢᠨᠠᠷ᠂ ᠲᠣᠭᠲᠠᠪᠤᠷᠢᠲᠤ ᠴᠢᠨᠠᠷ᠂ ᠠᠮᠤᠷ ᠲᠦᠪᠰᠢᠨ ᠤ ᠴᠢᠳᠠᠮᠵᠢ ᠶᠢᠨ ᠲᠤᠬᠠᠶ ᠭᠦᠨᠵᠡᠭᠡᠶ ᠣᠶᠢᠯᠠᠭᠠᠯᠲᠠ ᠦᠭᠴᠠᠢ ᠬᠡᠯ᠎ᠡ᠃    
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号