ᠠᠷᠠᠳ ᠲᠦᠮᠡᠨ ᠤ ᠰᠠᠶᠢᠨ ᠺᠠᠳ᠋ᠷ — ᠵᠠᠩ ᠬᠠᠢ ᠹᠧᠩ
ᠨᠡᠶᠢᠲᠡᠯᠡᠭᠰᠡᠨ ᠴᠠᠭ᠄
2024/10/12
          ᠵᠠᠩ ᠬᠠᠢ ᠹᠧᠩ ᠪᠣᠯ ᠨᠡᠷᠡᠲᠦ ᠰᠣᠮᠣᠨ ᠤ ᠤᠷᠲᠤ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠣᠯᠤᠨ᠎ᠠ᠂ ᠤᠯᠠᠨ ᠵᠢᠯ ᠤᠨ ᠲᠤᠷᠰᠢ ᠦᠨᠳᠦᠰᠦᠨ ᠱᠠᠲᠤᠨ ᠳᠤ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠠᠵᠢᠯᠴᠢ ᠬᠢᠴᠢᠶᠡᠩᠭᠦᠢ᠂ ᠰᠢᠷᠭᠠᠭᠤ ᠬᠠᠲᠠᠭᠤᠵᠢᠯᠲᠠᠢ ᠠᠵᠢᠯᠯᠠᠵᠤ ᠢᠷᠡᠵᠠᠢ᠃ ᠲᠡᠷᠡ ᠴᠠᠭ ᠢᠮᠠᠭᠲᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ᠠᠷᠠᠥᠨ ‍ᠤᠨ‌‍ᠲ᠋ᠥ᠋ᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠨ᠂ ᠤᠯᠠᠨ ᠲᠦᠮᠡᠨ ᠤ ᠪᠠᠴᠢᠮ ᠲᠤᠯᠭᠠᠮ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠥᠠᠪᠤᠷᠢᠯᠡᠵᠤ ᠥᠭᠳᠡᠭ ᠪᠠᠶᠢᠨ᠎ᠠ᠃     ᠰᠤᠷᠪᠤᠯᠵᠢᠯᠠᠭᠴᠢ ᠨᠡᠷᠡᠲᠦ ᠰᠣᠮᠣᠨ ᠤ ᠤᠷᠲᠤ ᠨᠡᠶᠢᠭᠡᠮ ᠲᠣᠭᠤᠷᠢᠭ ᠲᠤ ᠬᠦᠷᠬᠦ ᠳᠤ᠂ ᠨᠡᠶᠢᠭᠡᠮ ᠲᠣᠭᠤᠷᠢᠭ ᠎ ᠤᠨ ᠱᠦᠵᠢ ᠵᠠᠩ ᠬᠠᠢ ᠹᠧᠩ ᠶᠠᠭ ᠨᠡᠶᠢᠭᠡᠮ ᠲᠣᠭᠤᠷᠢᠭ ᠤᠨ ᠸᠢᠴᠠᠲ ᠬᠤᠯᠪᠣᠭᠠᠨ ᠳᠤ ︽ᠨᠣᠮ ᠣᠩᠰᠢᠯᠭ᠎ᠠ︾ ᠬᠢᠵᠦ ᠪᠠᠶᠢᠯ᠎ᠠ᠃ ᠲᠡᠷᠡ ᠰᠤᠷᠪᠤᠯᠵᠢᠯᠠᠭᠴᠢ ᠳᠤ᠄ ᠣᠷᠳᠣ ᠨᠡᠶᠢᠭᠡᠮ ᠲᠣᠭᠤᠷᠢᠭ ᠤᠨ ᠭᠠᠳᠠᠭᠰᠢ ᠭᠠᠷᠤᠭᠰᠠᠨ ᠨᠡᠭᠦᠳᠡᠯ ᠨᠠᠮ ᠤᠨ ᠭᠡᠰᠢᠭᠦᠨ ᠣᠯᠠᠨ᠂ ᠠᠳᠠ ᠪᠠᠨ ᠪᠠᠶᠢᠭ᠎ᠠ ᠨᠠᠮ ᠤᠨ ᠭᠡᠰᠢᠭᠦᠨ ᠣᠯᠠᠨ ᠲᠦᠮᠡᠨ ᠤ ᠣᠯᠠᠩᠬᠢ ᠨᠢ ᠨᠠᠰᠤᠲᠠᠶᠢᠴᠤᠳ ᠪᠣᠯᠣᠨ᠎ᠠ᠃ ᠢᠩᠬᠢᠭᠡᠥᠨ ᠸᠢᠴᠠᠲ ᠬᠤᠯᠪᠣᠭᠠᠨ ᠳᠤ ᠨᠠᠮ ᠤᠨ ᠲᠠᠭᠤᠨ ᠢ ᠲᠠᠮᠵᠢᠭᠤᠯᠵᠦ᠂ ᠲᠥᠷᠥ ᠤᠨ ᠪᠤᠳᠤᠯᠭ᠎ᠠ ᠶᠢ ᠤᠬᠠᠭᠤᠯᠵᠤ‌ᠠᠷᠠᠳ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠶᠯᠡᠳᠦᠯ ᠎ ᠢ ᠴᠢᠳᠠᠬᠤ ᠶᠢᠨ ᠲᠤᠳᠤᠷ᠎ᠠ ᠪᠤᠳᠠᠳᠠᠶᠢᠵᠢᠭᠤᠯᠵᠤ ᠪᠠᠶᠢᠨ᠎ᠠ ᠭᠡᠯ᠎ᠠ᠃     ᠬᠤᠯᠪᠣᠭᠠᠨ ᠳᠠᠬᠢ ᠬᠡᠰᠢᠬᠦᠨ᠄ ᠵᠠᠩ ᠱᠦᠵᠢ ᠤᠯᠠᠠ ᠳᠤ ᠨᠠᠮ ᠤᠨ ᠲᠡᠦᠬᠡ ᠶᠢᠨ ᠦᠯᠢᠭᠡᠷ᠂ ᠬᠤᠪᠢᠰᠬᠠᠯ ᠤᠨ ᠰᠣᠩᠭᠤᠳᠠᠭ ᠵᠣᠬᠢᠶᠠᠯ ᠢ ᠶᠠᠷᠢᠵᠤ ᠦᠭᠳᠡᠭ ᠪᠥᠭᠡᠳ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠲᠤᠯᠭ᠎ᠠ ᠪᠣᠯᠤᠨ ᠦᠯᠢᠭᠡᠷ ᠳᠠᠭᠤᠷᠢᠶᠠᠯ ᠪᠣᠯᠬᠤ ᠦᠢᠯᠡ ᠠᠵᠢᠯᠯᠠᠭ᠎ᠠ ᠶᠢ ᠮᠠᠨ ᠳᠤ ᠤᠢᠢᠯᠠᠭᠠᠭᠤᠯᠤᠨ᠂ ᠪᠢᠳᠡᠨ ᠲᠠᠢ ᠮᠠᠰᠢ ᠲᠤᠳᠤᠨᠤ ᠪᠠᠶᠢᠳᠠᠭ ᠬᠡᠯ᠎ᠡ᠃     ᠵᠠᠩ ᠬᠠᠢ ᠹᠧᠩ 1982 ᠣᠨ ᠠᠴᠠ ᠡᠬᠢᠯᠡᠨ ᠤᠷᠲᠤ ᠭᠠᠴᠠᠭᠠᠨ ᠤ ︽ᠬᠤᠶᠠᠷ ᠵᠥᠪᠯᠡᠯ︾᠎ ᠳᠤ ᠠᠵᠢᠯᠯᠠᠵᠤ᠂40 ᠭᠠᠷᠤᠢ ᠵᠢᠯ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢ ᠬᠠᠷᠢᠭᠤᠴᠠᠵᠤ᠂ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭ᠎ᠠ ᠠᠴᠠ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ᠎ᠠ᠃ ᠲᠡᠷᠡ ᠠᠷᠠᠳ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠢᠮᠠᠭᠲᠠ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ‌‍ᠤᠨ‌‍ᠲ᠋ᠥ᠋ᠯᠥᠭᠡᠯᠡᠭᠴᠢ‌‍ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃    ᠵᠠᠩ ᠬᠠᠢ ᠹᠧᠩ᠄ ᠪᠢ ᠪᠣᠯ ᠮᠠᠯᠴᠢᠨ ᠤ ᠬᠡᠦᠬᠡᠳ᠂ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠤᠯᠠᠨ ᠲᠦᠮᠡᠨ ᠳᠤ ᠪᠣᠳᠠᠲᠠᠢ ᠠᠵᠢᠯ ᠬᠢᠬᠦ ᠬᠡᠷᠡᠭᠲᠡᠢ᠂ ᠢᠩᠭᠢᠪᠡᠯ ᠰᠠᠶ᠋ᠢ ᠠᠷᠠᠳ ᠤᠯᠠᠨ ᠤ ᠢᠲᠡᠭᠡᠯ ᠪᠠ ᠬᠦᠰᠡᠯ ᠡᠷᠡᠮᠡᠯᠵᠡᠯ ᠳᠤ ᠣᠰᠣᠯᠳᠠᠬᠤ ᠦᠭᠡᠢ ᠪᠣᠯᠤᠨ᠎ᠠ ᠬᠡᠵᠡᠢ᠃     2019 ᠣᠨ ᠳᠤ᠂ ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ ᠣᠷᠳᠣ ᠨᠡᠶᠢᠭᠡᠮ ᠲᠣᠭᠤᠷᠢᠭ ᠲᠤ ᠫᠠᠶᠢᠰᠠ ᠡᠯᠭᠦᠨ ︽ᠡᠶᠡᠳᠡᠭᠦᠯᠬᠦ ᠲᠠᠰᠤᠭ︾᠎ ᠢ ᠪᠠᠶᠢᠭᠤᠯᠵᠤ᠂ ᠵᠠᠩ ᠬᠠᠶ ᠹᠧᠩ᠂ ᠨᠡᠶᠢᠭᠡᠮ ᠲᠣᠭᠤᠷᠢᠭ ᠵᠢᠴᠢ ᠡᠷᠬᠢᠨ ᠲᠣᠭᠤᠷᠢᠨ ᠤ ᠭᠠᠴᠠᠭᠠᠨ ᠤ ᠠᠷᠠᠳ ᠤᠨ ᠬᠤᠭᠤᠷᠣᠨᠳᠣᠬᠢ ᠵᠥᠷᠢᠴᠡᠯ ᠳᠤ  ᠤᠬᠠᠭᠤᠯᠭ᠎ᠠ‌ᠡᠶᠡᠳᠡᠭᠦᠯᠭᠡ ᠬᠢᠵᠦ᠂ ᠲᠡᠷᠡ ᠴᠢᠩ ᠦᠨᠡᠨᠴᠢ᠂ ᠬᠦᠯᠢᠴᠡᠩᠭᠦᠶ᠂ ᠡᠷᠬᠡ ᠲᠡᠭᠰᠢ ᠲᠥᠪ ᠭᠤᠤᠯᠴᠢ ᠪᠠᠷ ᠰᠢᠶᠳᠪᠦᠷᠢᠯᠡᠭᠰᠡᠨ ᠰᠠᠨᠠᠯ ᠨᠢ ᠡᠯ᠎ᠡ ᠲᠠᠯ᠎ᠠ ᠶᠢᠨ ᠬᠢᠨ ᠤ ᠰᠡᠥᠠᠬᠢᠯ ᠳᠤ ᠬᠦᠷᠴᠦ ᠴᠢᠳᠠᠳᠠᠭ ᠪᠢᠯᠡ᠃ ᠲᠤᠰ ︽ᠡᠶᠡᠳᠡᠭᠦᠯᠬᠦ ᠲᠠᠰᠤᠭ︾᠎ ᠨᠢ ᠠᠭᠠᠵᠢᠮ ᠢᠶᠠᠷ ︽ᠵᠠᠩ ᠬᠠᠢ ᠹᠧᠩ ᠤᠨ ᠠᠵᠢᠯᠯᠠᠬᠤ ᠲᠠᠰᠤᠭ︾ ᠪᠣᠯᠵᠤ᠂ ᠴᠠᠭ ᠢᠮᠠᠭᠲᠠ ᠣᠯᠠᠨ ᠲᠦᠮᠡᠨ ᠢ ᠬᠦᠯᠢᠶᠡᠨ ᠠᠪᠴᠤ᠂ ᠠᠷᠠᠳ ᠤᠨ ᠪᠠᠶᠢᠳᠠᠯ ᠢ ᠴᠤᠭᠯᠠᠭᠤᠯᠤᠨ᠂ ᠠᠰᠠᠭᠤᠳᠠᠯ ᠢ ᠰᠢᠶᠳᠪᠦᠷᠢᠯᠡᠵᠦ ᠥᠭᠳᠡᠭ ᠢᠶᠠᠷ ᠣᠯᠠᠨ ᠲᠦᠮᠡᠨ ᠣᠷᠣᠯᠴᠠᠭᠰᠠᠨ᠂ ᠣᠯᠠᠨ ᠲᠦᠮᠡᠨ ᠠᠰᠢᠭ ᠬᠦᠷᠲᠡᠭᠰᠡᠨ᠂ ᠣᠯᠠᠨ ᠲᠦᠮᠡᠨ ᠮᠡᠳᠡᠷᠡᠭᠰᠡᠨ ᠬᠥᠮᠥᠰ ᠤᠨ ᠰᠡᠥᠠᠬᠢᠯ ᠵᠢᠷᠦᠭᠡᠨ ᠳᠤ ᠰᠠᠭᠤᠠᠠᠳᠠᠵᠠᠢ᠃     ᠵᠠᠩ ᠬᠠᠢ ᠹᠧᠩ ᠭᠤᠴᠢᠭᠠᠳ ᠡᠳᠦᠷ ᠤᠨ ᠲᠡᠮᠳᠡᠭᠯᠡᠯ ᠤᠨ ᠳᠡᠪᠲᠡᠷ ᠲᠠᠢ᠂ ᠳᠡᠭᠡᠷ᠎ᠡ ᠨᠢ ᠲᠡᠭᠦᠨ ᠤ ᠲᠣᠰᠬᠤᠨ ᠎ ᠳᠤ ᠰᠠᠭᠤᠭᠰᠠᠨ ᠡᠳᠦᠷ ᠤᠨ ᠲᠡᠮᠳᠡᠭᠯᠡᠯ ᠤᠳ ᠪᠠᠶᠢᠵᠦ᠂ ᠲᠡᠭᠦᠨ ᠤ ᠨᠤᠲᠤᠭ ᠤᠰᠤ ᠪᠠᠨ ᠬᠠᠶᠢᠷᠠᠯᠠᠬᠤ ᠬᠠᠶᠢᠷ᠎ᠠ ᠰᠡᠳᠬᠢᠯᠬᠡ᠂ ᠨᠢᠭᠡᠨ ᠦᠨᠳᠦᠰᠦᠨ ᠱᠠᠲᠤᠨ ᠤ ᠺᠠᠳ᠋ᠷ ᠤᠨ ᠲᠡᠮᠡᠴᠡᠯ ᠤᠨ ᠵᠠᠮ ᠢ ᠵᠢᠷᠤᠭᠯᠠᠭᠰᠠᠨ ᠪᠠᠶᠢᠨ᠎ᠠ᠃ ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ᠂ 38 ᠦᠬᠡᠷ ᠤᠨ ᠬᠠᠰᠢᠶ᠎ᠠ᠂ 3 ᠺᠢᠯᠣᠮᠧᠲᠷ ᠎ ᠤᠨ ᠵᠡᠭᠡᠯᠢ ᠭᠤᠳᠤᠮᠵᠢ᠂ 24 ᠺᠢᠯᠣᠮᠧᠲᠷ ᠤᠨ ᠬᠠᠶᠢᠷ ᠴᠢᠯᠠᠭᠤᠨ ᠵᠠᠮ᠂ 3000 ᠮᠧᠲᠷ ᠤᠨ ᠬᠦᠷᠢᠶ᠎ᠡ ᠬᠠᠰᠢᠶ᠎ᠠ ᠎ ᠶᠢ ᠥᠭᠡᠷᠡᠴᠢᠯᠡᠨ ᠵᠠᠰᠠᠵᠤ᠂ 4 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ᠂ 39 ᠲᠦᠮᠡᠨ ᠲᠥᠭᠦᠷᠢᠭ ᠤᠨ ᠲᠦᠷᠦᠯ ᠵᠦᠢᠯ ᠤᠨ ᠠᠵᠤ ᠦᠢᠯᠡᠰ ᠢ ᠲᠡᠳᠬᠦᠬᠦ ᠪᠡᠯᠡ ᠮᠥᠩᠭᠦ ᠡᠷᠡᠮᠡᠯᠵᠡᠯᠡᠨ ᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠴᠥᠨ ᠨᠡᠮᠡᠷᠢᠯᠡᠭᠰᠡᠨ ᠪᠠᠶᠢᠨ᠎ᠠ᠃     ᠲᠡᠷᠡ ᠪᠠᠰᠠ ᠮᠠᠯ ᠡᠮᠨᠡᠯᠭᠡ ᠶᠢᠨ ᠮᠡᠷᠭᠡᠵᠢᠯ ᠢ ᠥᠪᠡᠷ ᠢᠶᠠᠨ ᠰᠤᠷᠬᠤ ᠪᠠᠷ ᠳᠠᠮᠵᠢᠨ᠂ ᠰᠢᠨᠵᠢᠯᠡᠬᠦ ᠤᠬᠠᠭᠠᠨᠴᠢ ᠎ ᠪᠠᠷ ᠮᠠᠯ ᠮᠠᠯᠵᠢᠬᠤ ᠮᠡᠳᠡᠯᠭᠡ ᠶᠢ ᠡᠵᠡᠮᠰᠢᠵᠦ᠂ᠮᠠᠯ ᠤᠨ ᠬᠢᠵᠢᠭ ᠢ ᠰᠡᠷᠭᠡᠶᠢᠯᠡᠨ ᠵᠠᠰᠠᠬᠤ᠂ ᠮᠠᠯ ᠮᠠᠯᠵᠢᠯᠭ᠎ᠠ᠂ ᠪᠣᠷᠣᠯᠠᠭᠤᠯᠬᠤ ᠵᠡᠷᠭᠡ ᠠᠵᠢᠯ ᠢ ᠥᠷᠨᠢᠭᠦᠯᠵᠦ᠂ ᠮᠠᠯᠵᠢᠬᠤ ᠡᠷᠦᠬᠡ ᠶᠢᠨ ᠮᠠᠯ ᠤᠨᠤᠭ᠎ᠠ ᠶᠢᠨ ᠡᠪᠡᠳᠴᠢᠨ ᠡᠮᠭᠡᠭ ᠢ ᠡᠮᠨᠡᠨ ᠵᠠᠰᠠᠳᠠᠭ᠃     ᠮᠠᠯᠴᠢᠨ᠄ ᠲᠡᠭᠦᠨ ᠤ ᠵᠢᠯ ᠪᠦᠷᠢ ᠶᠢᠨ ᠡᠮᠨᠡᠭᠰᠡᠨ ᠮᠠᠯ ᠤᠨ ᠲᠤᠭ᠎ᠠ ᠬᠤᠶᠠᠷ ᠵᠠᠭᠤ ᠭᠠᠷᠤᠶ ᠲᠣᠯᠣᠭᠠᠶ ᠪᠠᠶᠢᠵᠤ᠂ ᠮᠠᠯ ᠤᠨᠤᠭ᠎ᠠ ᠡᠪᠡᠥᠠᠴᠢᠨ ᠬᠢᠵᠢᠭ  ᠬᠥᠷᠪᠡᠯ᠂ ᠵᠠᠩ ᠱᠦᠵᠢ ᠪᠠᠶᠢᠭᠰᠠᠨ ᠴᠠᠭ ᠲᠤ ᠪᠢᠳᠡ ᠰᠠᠨᠠᠭ᠎ᠠ ᠠᠮᠠᠷ ᠬᠡᠯ᠎ᠡ᠃     40 ᠭᠠᠷᠤᠶ ᠵᠢᠯ ᠤᠨ ᠲᠤᠷᠰᠢ᠂ ᠵᠠᠩ ᠬᠠᠶ ᠹᠧᠩ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠶᠢᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠶᠯᠡᠳᠦᠯᠭᠡᠵᠢᠭᠦᠯᠵᠦ᠂ ᠤᠷᠢᠳ ᠬᠤᠵᠢᠳ ︽ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠪᠥᠬᠦ ᠠᠶᠢᠮᠠᠭ ᠤᠨ ᠬᠠᠮᠤᠭ ᠤᠨ ᠭᠤᠶᠣ ᠶᠠᠳᠠᠭᠤ ᠶᠢ ᠲᠡᠳᠬᠦᠬᠦ ᠺᠠᠳ᠋ᠷ︾᠂ ︽ᠪᠥᠬᠦ ᠠᠶᠢᠮᠠᠭ ᠤᠨ ᠬᠥᠳᠡᠯᠮᠦᠷᠢ ᠶᠢᠨ ᠵᠢᠱᠢᠶᠡᠴᠢ︾᠂ ︽ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠤᠪᠢ ᠬᠥᠮᠦᠨ︾᠂ ︽ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠤᠪᠢ ᠬᠥᠮᠦᠨ︾᠂ ︽ᠪᠥᠬᠦ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠵᠡᠷᠭᠡ ᠢᠷᠠᠭᠤ ᠠᠯᠳᠠᠷ ᠢ ᠭᠥᠷᠳᠡᠪᠡ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号