ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠣᠬᠳᠠᠭᠤᠯᠪᠡ
ᠨᠡᠶᠢᠲᠡᠯᠡᠭᠰᠡᠨ ᠴᠠᠭ᠄
2024/10/12
         10 ᠰᠠᠷ᠎ᠠ ᠶᠢᠨ 8 ᠤ ᠡᠳᠦᠷ᠂ ᠤᠯᠤᠰ ᠤᠨ ᠪᠠᠶᠠᠷ ᠤᠨ ᠠᠮᠠᠷᠠᠯᠲᠠ ᠶᠢᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠰᠢᠯᠤᠭᠤᠨ ᠬᠥᠬᠡ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠣᠬᠳᠠᠭᠤᠯᠵᠣ ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠥᠷᠭᠡᠨ ᠣᠯᠠᠨ ᠭᠠᠶᠢᠯᠢ  ᠶᠢᠨ ᠶᠠᠪᠤᠳᠠᠯ ᠤᠨ ᠺᠠᠳ᠋ᠷ ᠤᠨ ᠡᠷᠴᠢ ᠵᠣᠷᠢᠭ ᠢ ᠬᠥᠪᠴᠢᠯᠡᠨ᠂ ᠡᠯ᠎ᠡ ᠵᠦᠶᠯ ᠤᠨ ᠠᠵᠢᠯ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠵᠣᠷᠢᠭᠵᠢᠭᠤᠯᠪᠠ᠃      ᠦᠳᠡ ᠶᠢᠨ ᠡᠮᠦᠨᠡᠬᠢ 8 ᠴᠠᠭ 40 ᠮᠢᠨᠦ᠋ᠲ ᠲᠤ᠂ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠭᠠᠶᠢᠯᠢ ᠶᠢᠨ ᠶᠠᠪᠤᠳᠠᠯ ᠤᠨ ᠺᠠᠳ᠋ᠷᠴᠤᠳ ᠲᠥᠪ ᠬᠢᠴᠢᠶᠡᠩᠭᠦᠢ ᠪᠠᠷ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ᠂ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠨ᠂ ᠡᠷᠡᠯᠬᠡᠭᠯᠡᠨ ᠤᠷᠤᠭᠰᠢᠯᠠᠬᠤ ᠲᠡᠮᠡᠴᠡᠯ ᠤᠨ ᠵᠣᠷᠢᠭ ᠢᠶᠠᠨ ᠢᠯᠡᠳᠬᠡᠵᠦ᠂ ᠠᠭᠤᠤ ᠶᠡᠭᠡ ᠡᠬᠡ ᠤᠯᠤᠰ ᠤᠨ ᠢᠶᠠᠨ ᠴᠡᠴᠡᠭᠯᠡᠨ ᠬᠥᠭᠵᠢᠬᠦ ᠶᠢ ᠬᠠᠮᠳᠤ ᠳᠠᠭᠠᠨ ᠬᠦᠰᠡᠨ ᠵᠥᠩᠨᠡᠪᠡ᠃       ᠭᠠᠶᠢᠯᠢ ᠶᠢᠨ ᠶᠠᠪᠤᠳᠠᠯ ᠤᠨ ᠺᠠᠳ᠋ᠷᠴᠤᠳ ᠢᠯᠡᠷᠬᠡᠶᠢᠯᠡᠬᠦ ᠳᠡᠭᠡᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠨᠠᠮ ᠪᠠ ᠤᠯᠤᠰ ᠤᠨ ᠭᠠᠶᠢᠯᠢ  ᠶᠢᠨ ᠶᠠᠪᠤᠳᠠᠯ ᠤᠨ ᠦᠶᠯᠡᠰ ᠤᠨ ᠬᠥᠭᠵᠢᠯᠲᠡ ᠳᠤ ᠦᠶᠯᠡᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号