ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠺᠠᠩ ᠱᠧᠤ ᠰᠤᠪᠢᠯᠠᠯᠲᠠ ᠶᠢᠨ ᠬᠦᠷᠢᠶᠡᠯᠡᠩ ᠳᠤ ᠬᠦᠷᠴᠦ ᠨᠠᠰᠤᠳᠠᠶᠢᠴᠥᠥᠨ ᠤᠨ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
        10 ᠰᠠᠷ᠎ᠠ ᠶᠢᠨ 10 ᠤ ᠡᠳᠦᠷ᠂ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠨᠢ ᠬᠤᠰᠢᠭᠤ ᠡᠪᠯᠡᠯ ᠤᠨ ᠬᠤᠷᠢᠶ᠎ᠠ᠂ ᠬᠤᠶᠠᠷ ᠪᠤᠮᠪᠤ ᠨᠡᠶᠢᠭᠡᠮ ᠲᠣᠭᠤᠷᠢᠭ᠂ ᠬᠤᠶᠠᠳᠤᠭᠠᠷ ᠪᠠᠭ᠎ᠠ ᠰᠤᠷᠭᠠᠭᠤᠯᠢ ᠲᠠᠢ ᠬᠠᠮᠳᠤᠷᠠᠵᠤ ᠨᠠᠰᠤᠳᠠᠶᠢᠴᠥᠥᠨ ᠤᠨ ᠪᠠᠶᠠᠷ ᠲᠤ ᠵᠤᠷᠢᠭᠤᠯᠤᠠᠠᠰᠠᠠ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃     ᠨᠡᠶᠢᠭᠡᠮ ᠲᠣᠭᠤᠷᠢᠭ ᠤᠨ ᠤᠷᠠᠯᠢᠭ ᠤᠨ ᠨᠡᠶᠢᠭᠡᠮᠯᠢᠭ ᠤᠨ ᠲᠣᠭᠯᠠᠭᠴᠢ ᠪᠠ ᠬᠡᠦᠬᠡᠳ ᠤᠳ ᠲᠤᠠᠠᠯᠠᠯᠳᠠ ᠭᠠᠷᠭᠠᠵᠤ‌ᠨᠠᠰᠣᠳᠠᠶᠢᠴᠣᠳ ᠲᠤ ᠨᠢᠬᠡᠨ ᠴᠠᠭ ᠤᠨ ᠪᠠᠶᠠᠷ ᠪᠠᠭ᠋ᠠᠳᠤᠯ ᠢ ᠣᠯᠭᠤᠠᠠᠰᠠᠨ ᠪᠠᠶᠢᠨ᠎ᠠ᠃ ᠲᠣᠠᠠᠯᠠᠯᠳᠠ ᠶᠢᠨ ᠲᠠᠷᠠᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠰᠠᠶᠢᠨ ᠲᠤᠷᠠᠴᠤᠳ ᠨᠠᠰᠣᠳᠠᠶᠢᠴᠣᠳ ᠲᠠᠢ ᠬᠠᠮᠲᠤᠪᠠᠷ ᠡᠯ᠎ᠡ ᠵᠦᠢᠯ ᠤᠨ ᠭᠤᠶᠢᠳᠠ ᠰᠠᠶᠢᠬᠠᠨ ᠪᠠᠶᠠᠷ ᠤᠨ ᠺᠠᠷᠲ ᠵᠡᠷᠬᠡ ᠭᠠᠷ ᠣᠷᠠᠯᠠᠯ ᠤᠨ ᠪᠦᠳᠦᠬᠡᠯ ᠬᠢᠵᠦ᠂ ᠲᠤᠬᠠᠢ ᠶᠢᠨ ᠲᠠᠯᠠᠪᠠᠢ ᠳᠠᠬᠢ ᠨᠠᠰᠤᠲᠠᠶᠢᠴᠤᠳ ᠲᠤ ᠬᠦᠷᠭᠡᠭᠰᠡᠨ ᠪᠥᠭᠡᠳ ᠥᠪᠡᠷ ᠤᠨ ᠬᠠᠮᠤᠭ ᠤᠨ ᠴᠢᠩ ᠰᠡᠳᠬᠢᠯ  ᠤᠨ ᠵᠥᠩᠨᠡᠯ ᠢᠶᠠᠨ ᠳᠡᠪᠰᠢᠭᠦᠯᠪᠡ᠃ ᠰᠠᠶᠢᠨ ᠲᠤᠷᠠᠴᠤᠳ ᠪᠠᠰᠠ ᠨᠠᠰᠤᠲᠠᠨ ᠢ ᠠᠰᠠᠷᠠᠬᠤ ᠬᠦᠷᠢᠶᠡᠯᠡᠩ ᠢ ᠬᠠᠪᠰᠤᠷᠤᠨ ᠴᠡᠪᠡᠷᠯᠡᠭᠡ ᠬᠢᠵᠦ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠭᠰᠡᠨ ᠪᠠᠶᠢᠨ᠎ᠠ᠃    ᠲᠤᠰ ᠤᠳᠠᠭᠠᠨ ‍ᠤ‌ᠠᠵᠢᠯᠯᠠᠭ᠎ᠠ ᠨᠢ‌‍ᠲ᠋ᠤᠮᠳᠠᠳᠤ ᠵᠢᠨ‌ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠡᠦᠬᠡᠳ ᠤᠳ ᠤᠨ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠬᠠᠮᠰᠠᠷ ᠢ ᠬᠥᠮᠥᠵᠢᠬᠦᠯᠵᠤ ᠴᠢᠳᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号