2024ᠣᠨ ᠤ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠬᠡᠷᠯᠡᠨ ᠠᠶᠠᠯᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/10/12
       10 ᠰᠠᠷ᠎ᠠ ᠶᠢᠨ 6 ᠤ ᠡᠳᠦᠷ᠂ 2024 ᠣᠨ ᠤ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ  ᠶᠢᠨ ᠡᠯᠡᠰᠦᠷᠬᠡᠭ ᠭᠠᠵᠠᠷ ᠤᠨ ᠬᠡᠬᠡᠷᠯᠡᠨ ᠠᠶᠠᠯᠠᠬᠤ ᠠᠵᠢᠯᠯᠠᠭ᠎ᠠ ᠡᠬᠢᠯᠡᠨ᠂ ᠪᠥᠬᠦ ᠤᠯᠤᠰ ᠤᠨ ᠡᠯ᠎ᠡ ᠭᠠᠵᠠᠷ ᠠᠴᠠ 200 ᠭᠠᠷᠤᠶ ᠮᠠᠰᠢᠨ ᠲᠡᠷᠭᠡ ᠴᠤᠠᠠᠯᠠᠷᠠᠯ᠎ᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠲᠣᠭᠯᠠᠯᠲᠠ‌ᠭᠠᠷᠭᠠᠵᠤ‌ᠤᠷᠤᠯᠳᠤᠭᠠᠨ ᠳᠤ ᠬᠦᠴᠦ ᠨᠡᠮᠡᠷᠢᠯᠡᠵᠦ᠂ ᠠᠬᠤᠶ ᠲᠠᠯᠠᠪᠠᠶ ᠬᠥᠷ ᠬᠥᠭᠵᠢᠶᠡᠨ ᠢᠶᠠᠷ ᠪᠢᠯᠬᠠᠯ᠎ᠠ᠃    ᠲᠣᠰ ᠤᠳᠠᠭᠠᠨ ᠤ ᠤᠷᠤᠯᠳᠤᠭᠠᠨ ᠤ ᠵᠠᠮ ᠤᠨ ᠪᠥᠬᠦ ᠣᠷᠳᠣ ᠨᠢ 20 ᠺᠢᠯᠣᠮᠧᠲᠷ᠂ ᠡᠯᠡᠰᠦᠷᠬᠡᠭ ᠭᠠᠵᠠᠷ ᠤᠨ ᠤᠷᠤᠯᠳᠤᠭᠠᠨ ᠤ ᠬᠡᠰᠡᠭ ᠤᠨ ᠡᠵᠡᠯᠡᠬᠦ ᠬᠠᠷᠢᠴᠠᠯ ᠨᠢ 100% ᠪᠤᠯᠥᠨ᠎ᠠ᠃    ᠤᠷᠤᠯᠳᠤᠭᠠᠨ ᠤ ᠬᠠᠮᠲᠤ ᠱᠠᠩᠳᠤ ᠤᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠶᠢᠰᠠᠨ ᠳᠡᠭᠡᠷ᠎ᠡ ᠬᠤᠯᠠᠨ ᠰᠢᠷᠭ᠎ᠠ ᠶᠢᠨ ᠮᠠᠩᠬᠠᠨ ᠤ ᠦᠬᠡᠷ ᠤᠨ ᠮᠢᠬᠠᠨ ᠤ ᠶᠠᠰᠤ ᠴᠢᠨᠠᠷ  ᠢ ᠰᠢᠯᠭᠠᠨ ᠦᠵᠡᠬᠦ ᠬᠤᠷᠠᠯ ᠬᠢᠭᠰᠡᠨ ᠤ ᠬᠠᠮᠳᠤ ᠲᠠᠯᠠᠪᠠᠢ ᠳᠤ ᠪᠠᠶᠢᠭ᠎ᠠ ᠪᠥᠬᠦ ᠬᠥᠮᠦᠰ ᠲᠤ ᠰᠢᠯᠤᠭᠤᠨ ᠬᠥᠬᠡ ᠬᠤᠰᠢᠭᠤᠨ ᠤ ᠮᠠᠩᠬᠠᠨ ᠤ ᠦᠬᠡᠷ ᠤᠨ ᠮᠢᠬᠠᠨ ᠤ ᠦᠨᠦᠷ ᠠᠮᠲᠠ᠂ ᠴᠢᠨᠠᠷ ᠴᠢᠨᠰᠠᠭ᠎ᠠ᠂ ᠰᠢᠮ᠎ᠡ ᠲᠡᠵᠢᠭᠡᠯ ᠤᠨ ᠲᠤᠬᠠᠢ ᠤᠯᠠᠮ ᠨᠢᠭᠡ ᠠᠯᠬᠤᠮ ᠮᠡᠳᠡᠷᠡᠬᠦᠯᠵᠠᠢ᠃   ᠬᠤᠯᠠᠨ ᠰᠢᠷᠭ᠎ᠠ ᠵᠢᠭᠤᠯᠴᠢᠯᠠᠯ ᠤᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠴᠡᠩᠭᠡᠯ᠄ ︽ᠡᠨᠡ ᠤᠳᠠᠭ᠎ᠠ ᠶᠢᠨ ᠠᠵᠢᠯᠯᠠᠭ᠎ᠠ ᠪᠣᠯ ᠮᠠᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠤᠨᠴᠠᠯᠢᠬᠳᠤ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠵᠤᠭᠠᠴᠠᠬᠤ ᠠᠵᠢᠯᠯᠠᠭ᠎ᠠ ᠪᠣᠯᠤᠨ᠎ᠠ᠂ ᠡᠭᠦᠨ ᠤ ᠬᠠᠮᠲᠤ ᠡᠨᠡ ᠤᠳᠠᠭ᠎ᠠ ᠶᠢᠨ ᠤᠷᠤᠯᠳᠤᠭᠠᠨ ᠤ ᠮᠠᠰᠢᠨ ᠲᠡᠷᠬᠡᠨ ᠤ ᠠᠶᠠᠯᠠᠨ ᠵᠤᠭᠠᠴᠠᠬᠤ ᠠᠷᠭ᠎ᠠ ᠨᠢ ᠮᠠᠰᠢ ᠰᠣᠨᠢᠷᠬᠠᠯᠲᠠᠢ ᠪᠠᠶᠢᠵᠤ᠂ ᠤᠷᠤᠯᠴᠬᠠᠰᠠᠥᠨ ᠲᠤ ᠬᠤᠯᠠᠨ ᠰᠢᠷᠭ᠎ᠠ ᠶᠢᠨ ᠮᠠᠩᠬᠠᠨ ᠤ ᠦᠬᠡᠷ ᠤᠨ ᠮᠢᠬᠠᠨ ᠤ ᠪᠡᠯᠡᠭ‌‍ᠬᠥ᠋ᠷᠭᠡᠵᠤ‌ᠨᠡᠩ‌ᠤᠯᠠᠨ‌‍ᠬᠥ᠋ᠮᠥᠰ ᠲᠦ‌ᠤᠶᠢᠯᠠᠭᠠᠭᠤᠯᠬᠤ ᠵᠤᠷᠢᠯᠳᠠ ᠲᠠᠢ ᠶᠠᠪᠤᠠᠠᠳᠠᠭᠤᠯᠤᠠᠠᠰᠠᠠ ᠶᠤᠮ᠃︾ ᠬᠡᠯ᠎ᠡ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号