ᠪᠦᠬᠦ ᠬᠤᠰᠢᠭᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷ ᠤᠨ ᠠᠷᠢᠭᠤᠨ ᠴᠢᠭᠡᠴᠢ ᠎ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/22
     10 ᠰᠠᠷ᠎ᠠ ᠶᠢᠨ 17᠎ ᠤ ᠡᠳᠦᠷ᠂ ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠬᠠᠮᠲᠤ ᠶᠢᠨ ᠴᠢᠬᠡᠴᠢ ᠵᠠᠰᠠᠭ ᠤᠨ ᠶᠠᠷᠢᠯᠴᠠᠭ᠎ᠠ ᠬᠢᠪᠡ᠃ ᠪᠦᠬᠦ ᠬᠤᠰᠢᠭᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷᠴᠤᠳ ᠬᠤᠷᠠᠯ ᠳᠤ ᠤᠷᠤᠯᠴᠠᠵᠠᠢ᠃     ᠬᠤᠷᠠᠯ ᠠᠴᠠ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠴᠢᠬᠡᠴᠢ ᠵᠠᠰᠠᠭ ᠤᠨ ᠶᠠᠷᠢᠯᠴᠠᠭ᠎ᠠ ᠶᠢ ᠥᠷᠨᠢᠭᠦᠯᠬᠦ ᠪᠣᠯ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠵᠠᠪᠠᠯ ᠥᠩᠭᠡᠷᠡᠭᠡᠬᠦ ᠲᠡᠰ ᠳᠠᠷᠠᠭᠠᠯᠠᠯ ᠪᠠᠶᠢᠵᠦ᠂ ᠨᠠᠮ ᠤᠨ ᠴᠢᠬᠡᠴᠢ ᠵᠠᠰᠠᠭ ᠤᠨ ᠬᠥᠮᠦᠵᠢᠯ ᠤᠨ ᠴᠢᠬᠤᠯᠠ ᠠᠴᠢᠶᠠᠯᠠᠪᠤᠷᠢ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠨᠢᠭᠡ ᠵᠦᠢᠯ ᠤᠨ ᠴᠢᠬᠤᠯᠠ ᠠᠷᠭ᠎ᠠ ᠬᠡᠯᠪᠡᠷᠢ ᠮᠥᠨ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠡᠰ ᠤᠨ ᠤᠳᠤᠷᠢᠳᠬᠤ ᠺᠠᠳ᠋ᠷ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠣᠰᠣ ᠲᠦᠷᠢᠮ ᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ᠂ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠬᠦ᠂ ᠲᠤᠰᠢᠶᠠᠯ ᠢᠶᠠᠨ ᠰᠠᠶᠢᠲᠤᠷ ᠭᠦᠢᠴᠡᠳᠬᠡᠬᠦ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠠᠯ᠎ᠠ ᠪᠠᠷ ᠰᠠᠶᠢᠨ ᠡᠬᠢᠯᠡᠯᠳᠡ ᠶᠢ ᠪᠤᠢ ᠪᠤᠯᠭᠠᠨ᠂ ᠰᠢᠨ᠎ᠡ ᠠᠵᠢᠯ ᠤᠨ ᠪᠠᠶᠢᠷᠢ ᠳᠡᠭᠡᠷ᠎ᠡ ᠦᠷ᠎ᠡ ᠪᠦᠲᠦᠮᠵᠢ ᠭᠠᠷᠭᠠᠬᠤ ᠬᠡᠷᠡᠭᠳᠡᠢ ᠭᠡᠵᠦ ᠵᠢᠭᠠᠵᠤ ᠭᠠᠷᠭᠠᠵᠠᠢ᠃     ᠬᠤᠷᠠᠯ ᠠᠴᠠ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠡᠰ ᠤᠨ ᠤᠳᠤᠷᠢᠳᠬᠤ ᠺᠠᠳ᠋ᠷ ᠤᠬᠠᠮᠰᠠᠷ ᠎ ᠠᠴᠠ ᠪᠠᠨ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠶᠢ ᠵᠥᠪ ᠤᠶᠢᠯᠠᠭᠠᠨ᠂ ᠲᠤᠰᠢᠶᠠᠯ ᠳᠤ ᠲᠤᠬᠢᠷᠠᠭᠤᠯᠤᠯᠳᠠ ᠬᠢᠬᠦ ᠠᠵᠢᠯ ᠳᠤ ᠵᠥᠪ ᠬᠠᠨᠳᠤᠵᠤ᠂ ᠦᠵᠡᠯ ᠰᠠᠨᠠᠭ᠎ᠠ᠂ ᠲᠠᠨᠢᠯᠲᠠ᠂ ᠠᠵᠢᠯᠯᠠᠭ᠎ᠠ ᠳᠡᠭᠡᠷ᠎ᠡ ᠪᠠᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠡᠷᠡᠰ ᠬᠡᠷᠡᠭᠵᠢᠭᠦᠯᠵᠦ᠂ ᠳᠠᠷᠤᠤ ᠪᠣᠯᠭᠤᠮᠵᠢᠲᠠᠢ ᠤᠪᠤᠷ ᠰᠤᠷᠲᠠᠯ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠳᠠᠭᠠᠨ ᠭᠠᠪᠰᠢᠭᠠᠶᠢᠯᠠᠬᠤ ᠬᠡᠷᠡᠭᠲᠡᠢ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠬᠤ ᠬᠡᠷᠡᠭᠲᠡᠢ ︽ᠵᠢᠷᠭᠤᠭᠠᠨ ᠰᠠᠬᠢᠯᠭ᠎ᠠ ᠪᠠᠲᠤ︾᠎ ᠶᠢ ᠴᠢᠩᠭ᠎ᠠ ᠰᠠᠬᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠎ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠶ ᠡᠵᠡᠮᠰᠢᠵᠦ᠂ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠳᠠᠬᠢ ᠵᠠᠯᠠᠭᠤ ᠺᠠᠳ᠋ᠷᠴᠤᠳ ᠤᠨ ︽ᠭᠠᠪᠰᠢᠭᠠᠶᠢᠯᠠᠭᠴᠢ︾ ︽ᠬᠤᠰᠢᠭᠤᠴᠢ︾ ᠎ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠵᠣᠷᠢᠭᠲᠠᠶ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠯ᠎ᠠ᠃    ᠤᠯᠠᠨ ᠢᠶᠠᠷ ᠢᠶᠠᠨ ᠪᠠᠰᠠ ᠴᠢᠬᠡᠴᠢ ᠵᠠᠰᠠᠭ ᠤᠨ ᠬᠥᠮᠦᠵᠢᠯ ᠤᠨ ᠹᠢᠯᠢᠮ ᠰᠤᠨᠢᠷᠬᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号