ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠳᠤᠷᠢᠳᠬᠤ ᠺᠠᠳ᠋ᠷᠴᠤᠳ ᠢ ᠵᠢᠯᠤᠭᠤᠳᠤᠨ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠤᠶᠢᠯᠠᠭᠠᠭᠤᠯᠵᠤ᠂ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠬᠡᠪ | ᠴᠢᠨᠠᠷ ᠪᠤᠯᠤᠨ ᠦᠭᠡᠷᠡᠴᠢᠯᠡᠯᠳᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠬᠦᠯᠬᠦ ᠶᠢᠨ ᠲᠤᠰᠠᠳᠠ 10 ᠰᠠᠷ᠎ᠠ ᠶᠢᠨ | 14 ᠤ ᠡᠳᠦᠷ ᠰᠢᠯᠤᠭᠤᠨ ᠬᠦᠭᠡ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠷᠪᠠᠳᠤᠭᠠᠷ ᠬᠤᠭᠤᠴᠠᠭᠠᠨ ᠤ ᠡᠭᠡᠯᠵᠢᠳᠦ ᠪᠤᠯᠪᠠᠰᠤᠷᠠᠯ ᠡᠷᠬᠢᠯᠡᠯ᠎ᠡ᠃ | ᠪᠣᠯᠪᠠᠰᠤᠷᠠᠯ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠰᠬᠠᠶ ᠰᠡᠳᠦᠪᠲᠦ ᠬᠠᠪᠰᠤᠷᠤᠨ | ᠵᠢᠯᠣᠭᠤᠳᠬᠤ + ᠲᠤᠷᠰᠢᠯᠭ᠎ᠠ ᠰᠤᠯᠢᠯᠴᠠᠵᠤ ᠰᠤᠳᠤᠯᠤᠨ ᠶᠠᠷᠢᠯᠴᠠᠬᠤ + ᠣᠨᠣᠯ ᠤᠨ ᠰᠢᠯᠭᠠᠯᠲᠠ ᠵᠡᠷᠭᠡ ᠬᠡᠯᠪᠡᠷᠢ | ᠪᠠᠷ ᠶᠠᠪᠤᠭᠳᠠᠭᠤᠯᠤᠨ᠂ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠠᠮ ᠤᠨ ᠰᠤᠷᠭᠠᠭᠤᠯᠢ ᠶᠢᠨ ᠪᠠᠭᠰᠢ | ᠬᠤ᠋ ᠴᠤᠤ ᠹᠧᠩ ᠪᠤᠯᠤᠨ ᠳᠡᠳ᠋ ᠫᠷᠤᠹᠧᠰᠰᠤᠷ ᠬᠤᠸᠠᠩ ᠮᠧᠶ ᠲᠤᠰ ᠲᠤᠰ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ︾ ︽ | ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠶᠢᠯᠠᠭᠠᠭᠳᠠᠬᠤᠨ︾ ᠬᠡᠬᠦ ᠰᠡᠳᠦᠪ | ᠢᠶᠠᠷ ᠳᠠᠶᠢᠯᠤᠮᠵᠢ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠪᠤᠯᠤᠨ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ | ᠤᠨ ᠪᠠᠭᠰᠢ ᠨᠠᠷ ᠠᠴᠠ ︽ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠦᠷᠢᠮ︾ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ᠠᠮᠢ ᠠᠬᠤᠢ | ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠠᠭᠤᠯᠭ᠎ᠠ ᠪᠠᠷ ᠬᠢᠴᠢᠶᠡᠯᠯᠡᠭᠰᠡᠨ ᠪᠠᠶᠢᠨ᠎ᠠ᠃ | ᠪᠤᠯᠪᠠᠰᠤᠷᠠᠯ ᠢᠶᠠᠷ ᠳᠠᠮᠵᠢᠭᠤᠯᠤᠨ ᠥᠷᠭᠡᠨ ᠣᠯᠠᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ | ᠣᠶᠢᠯᠠᠭᠠᠯᠲᠠ ᠶᠢ ᠬᠦᠨᠵᠡᠭᠡᠶᠢᠷᠡᠭᠦᠯᠵᠦ᠂ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠤᠨᠤᠯ ᠤᠨ ᠬᠢᠷᠢ | ᠲᠦᠪᠰᠢᠨ ᠪᠤᠯᠤᠨ ᠨᠠᠮᠴᠢ ᠴᠢᠨᠠᠷ ᠤᠨ ᠬᠦᠮᠦᠵᠢᠯ ᠢ ᠳᠡᠭᠡᠭᠰᠢᠯᠡᠭᠦᠯᠵᠦ᠂ ᠰᠤᠷᠤᠯᠴᠠᠨ ᠲᠤᠭᠤᠰᠢᠯᠠᠭᠤᠯᠬᠤ | ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠭᠰᠠᠨ ᠪᠠᠶᠢᠨ᠎ᠠ᠃ | ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠦ᠂ ᠪᠥᠬᠦ ᠬᠤᠰᠢᠭᠤᠨ ᠤ | ᠰᠠᠯᠠᠭᠠᠨ ᠲᠠᠰ ᠤᠨ ᠺᠠᠳ᠋ᠷ ᠨᠡᠶᠢᠲᠡ 140 ᠊ᠭᠡᠳ ᠬᠥᠮᠦᠨ ᠤᠷᠤᠯᠴᠠᠵᠠᠢ᠃ | | |