︽ᠳᠤᠮᠳᠠᠳᠤ ᠶᠢᠨ ᠰᠤᠶᠤᠯ ᠢ ᠮᠠᠬᠳᠠᠨ ᠳᠠᠭᠤᠯᠠᠵᠤ ᠤᠮᠠᠷᠠᠳᠤ ᠬᠢᠯᠢ ᠶᠢ ᠤᠶᠠᠩᠭᠠᠯᠠᠬᠤ︾ ᠵᠣᠬᠢᠶᠠᠨ ᠪᠦᠲᠦᠭᠡᠯᠭᠡ ᠶᠢᠨ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠠᠮᠵᠢᠯᠳᠠ ᠲᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2024/10/22
         ᠰᠢᠯᠤᠭᠤᠨ ᠬᠦᠬᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠷᠢᠶᠡᠨ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠣᠯᠯᠠᠨ ᠡᠷᠬᠢᠯᠡᠭᠰᠡᠨ ︽ᠳᠤᠮᠳᠠᠳᠤ ᠶᠢᠨ ᠰᠤᠶᠤᠯ ᠢ ᠮᠠᠬᠳᠠᠨ ᠳᠠᠭᠤᠯᠠᠵᠤ ᠤᠮᠠᠷᠠᠳᠤ ᠬᠢᠯᠢ ᠶᠢ ᠤᠶᠠᠩᠭᠠᠯᠠᠬᠤ︾ ᠵᠣᠬᠢᠶᠠᠨ ᠪᠦᠲᠦᠭᠡᠯᠭᠡ ᠶᠢᠨ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ 10 ᠰᠠᠷ᠎ᠠ ᠶᠢᠨ 16᠎ ᠤ ᠦᠳᠡ ᠶᠢᠨ ᠬᠤᠶᠢᠨ᠎ᠠ ᠠᠮᠵᠢᠯᠲᠠ ᠲᠠᠢ ᠥᠨᠳᠥᠷᠯᠡᠪᠡ᠃       ᠠᠵᠢᠯᠯᠠᠭ᠎ᠠ ᠪᠠᠷ᠂ ᠤᠯᠠᠨ ᠢᠶᠠᠷ ᠢᠶᠠᠨ ᠰᠢᠯᠤᠭᠤᠨ ᠬᠥᠬᠡ ᠬᠤᠰᠢᠭᠤᠨ ᠤ ᠡᠯ᠎ᠡ ᠭᠠᠵᠠᠷ ᠲᠤ ᠭᠦᠨᠵᠡᠭᠡᠶᠢᠷᠡᠵᠦ᠂ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠨ᠂ ᠰᠣᠶᠣᠯ ᠢᠷᠭᠡᠨᠰᠢᠯ᠂ ᠲᠡᠦᠬᠡ ᠶᠢ ᠣᠶᠢᠯᠠᠭᠠᠵᠤ᠂ ᠠᠷᠠᠳ ᠤᠨ ᠵᠠᠩ ᠦᠢᠯᠡ ᠶᠢ ᠪᠡᠶᠡᠴᠢᠯᠡᠨ ᠤᠶᠢᠯᠠᠭᠠᠭᠰᠠᠨ ᠪᠠᠶᠢᠨ᠎ᠠ᠃ 10 ᠰᠠᠷ᠎ᠠ ᠶᠢᠨ 15᠎ ᠤ ᠡᠳᠦᠷ᠂ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠬᠦ ᠪᠠᠷ ᠳᠠᠮᠵᠢᠭᠤᠯᠤᠨ ᠬᠤᠪᠢᠰᠬᠠᠯ ᠎ ᠤᠨ ᠲᠡᠦᠬᠡ ᠥᠯᠢᠭᠡᠷ ᠢ ᠡᠷᠭᠢᠴᠡᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠣᠯ ᠢᠶᠠᠨ ᠴᠢᠩᠭᠠᠳᠬᠠᠵᠠᠢ᠃ ᠲᠠᠷᠠᠭ᠎ᠠ ᠨᠢ᠂ ᠳᠡᠯᠡᠬᠡᠢ ᠶᠢᠨ ᠰᠣᠶᠣᠯ ᠤᠨ ᠥᠪ ᠪᠣᠯᠬᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠲᠣᠭᠤᠷᠢᠨ ᠦᠵᠡᠵᠦ᠂ ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠰᠣᠶᠣᠯ ᠤᠨ ᠠᠭᠤᠰᠤᠯᠴᠠᠯ ᠤᠨ ᠨᠡᠶᠢᠲᠡᠯᠢᠭ ᠵᠢᠱᠢᠶ᠎ᠡ ᠶᠢ ᠰᠤᠨᠢᠷᠬᠠᠨ᠂ ᠳᠤᠮᠳᠠᠳᠤ ᠤᠯᠤᠰ ᠤᠨ ᠡᠷᠲᠡᠨ ᠤ ᠬᠤᠳᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠨᠢᠭᠲᠠ ᠤᠶᠠᠯᠳᠤᠭᠤᠯᠤᠭᠰᠠᠨ ᠭᠠᠷᠮᠠᠭᠠᠢ ᠪᠦᠲᠦᠭᠡᠯ ᠢ ᠤᠶᠢᠯᠠᠭᠠᠵᠠᠢ᠃ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠎ ᠤᠨ ᠮᠦᠽᠧᠶ ᠶᠢ ᠲᠣᠭᠤᠷᠢᠨ ᠦᠵᠡᠬᠦ ᠶᠠᠪᠤᠴᠠ ᠳᠤ ᠳᠡᠯᠭᠡᠨ ᠦᠵᠡᠭᠦᠯᠵᠦ ᠪᠠᠶᠢᠭ᠎ᠠ ᠬᠠᠭᠤᠴᠢ ᠦᠯᠡᠳᠡᠭᠳᠡᠯ ᠪᠤᠳᠠᠰ ᠢ ᠰᠤᠨᠢᠷᠬᠠᠬᠤ ᠪᠠ ᠬᠠᠮᠢᠶ᠎ᠠ ᠲᠠᠢ ᠠᠵᠢᠯᠳᠠᠨ ᠤ ᠲᠠᠶᠢᠯᠪᠤᠷᠢᠯᠠᠬᠤ ᠪᠠᠷ ᠳᠠᠮᠵᠢᠭᠤᠯᠤᠨ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠢ ᠬᠦᠨᠵᠡᠭᠡᠢ ᠤᠶᠢᠯᠠᠭᠠᠭᠰᠠᠨ ᠪᠠᠶᠢᠨ᠎ᠠ᠃      10 ᠰᠠᠷ᠎ᠠ ᠶᠢᠨ 16᠎ ᠤ ᠡᠳᠦᠷ᠂ ᠵᠣᠬᠢᠶᠠᠯᠴᠢᠳ ᠰᠢᠯᠤᠭᠤᠨ ᠬᠥᠬᠡ ᠬᠤᠰᠢᠭᠤᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠬᠥᠮᠦᠵᠢᠯ ᠤᠨ ᠰᠠᠭᠤᠷᠢᠨ ᠪᠤᠯᠬᠤ ᠨᠠ᠊ ᠰᠠᠶᠢᠨᠴᠤᠭᠳᠤ ᠶᠢᠨ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ᠃ ᠲᠣᠰ ᠣᠷᠳᠣᠨ ᠪᠣᠯ ᠪᠣᠯᠪᠠᠰᠤᠨ ᠤ ᠦᠶᠯᠡᠳᠦᠯᠭᠡ᠂ ᠵᠤᠬᠢᠶᠠᠨ ᠪᠦᠲᠦᠭᠡᠯᠭᠡ᠂ ᠵᠠᠯᠠᠭᠤᠴᠤᠳ ᠪᠠᠭᠠᠴᠤᠳ ᠤᠨ ᠬᠥᠮᠦᠵᠢᠯ ᠪᠤᠯᠪᠠᠰᠤᠷᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠰᠠᠭᠤᠷᠢᠨ ᠭᠠᠵᠠᠷ ᠪᠠᠶᠢᠵᠦ᠂ ︽ᠦᠨᠳᠦᠰᠦᠲᠡᠨ ᠤ ᠤᠳᠬ᠎ᠠ ᠵᠣᠬᠢᠶᠠᠯ︾ ᠰᠡᠳᠬᠦᠯ ᠤᠨ ᠵᠣᠬᠢᠶᠠᠨ ᠪᠦᠲᠦᠭᠡᠯᠭᠡ ᠤᠩᠰᠢᠯᠭ᠎ᠠ ᠶᠢᠨ ᠲᠥᠪ᠂ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠦᠲᠦᠭᠡᠬᠦ ᠰᠠᠭᠤᠷᠢᠨ ᠭᠠᠵᠠᠷ ᠢᠶᠠᠷ ᠦᠨᠡᠯᠡᠭᠳᠡᠵᠦ᠂ ᠥᠷᠭᠡᠨ ᠣᠯᠠᠨ ᠤᠳᠬ᠎ᠠ ᠤᠷᠠᠯᠢᠭ ᠤᠨ ᠪᠠᠭ᠋ᠠᠳᠠᠳ ᠎ ᠲᠤ ᠤᠬᠢ ᠰᠠᠶᠢᠬᠠᠨ ᠲᠠᠪᠴᠠᠩ ᠢ ᠬᠠᠩᠭᠠᠵᠤ ᠦᠭᠭᠦᠭᠰᠡᠨ ᠶᠤᠮ᠃ ᠲᠣᠭᠤᠷᠢᠨ ᠦᠵᠡᠬᠦ ᠶᠠᠪᠤᠴᠠ ᠳᠤ ᠣᠯᠠᠨ ᠢᠶᠠᠷ ᠎ ᠢᠶᠠᠨ᠂ ᠰᠢᠯᠦᠭ ᠳᠠᠭᠤᠯᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠵᠣᠬᠢᠶᠠᠨ ᠪᠦᠲᠦᠭᠡᠬᠦ ᠬᠠᠷᠠᠭᠠᠰᠤ ᠎ ᠪᠠᠨ ᠳᠡᠯᠡᠨ᠂ ᠬᠤᠶᠢᠰᠢᠳᠠ ᠶᠢᠨ ᠵᠤᠬᠢᠶᠠᠯ ᠪᠦᠲᠦᠭᠡᠯ ᠳᠡᠭᠡᠨ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢ ᠬᠠᠯᠠᠮᠵᠢᠯᠠᠬᠤ ᠪᠠ ᠰᠠᠶᠢᠨ ᠰᠠᠶᠢᠬᠠᠨ ᠠᠮᠢᠳᠤᠷᠠᠯ ᠢ ᠬᠦᠰᠡᠨ ᠮᠥᠷᠥᠭᠡᠳᠬᠦ ᠰᠡᠳᠬᠢᠯᠭᠡ ᠪᠠᠨ ᠠᠭᠤᠰᠤᠯᠴᠠᠭᠤᠯᠤᠨ᠎ᠠ ᠭᠡᠵᠦ ᠪᠠᠶᠢᠯ᠎ᠠ᠃      16᠎ ᠤ ᠦᠳᠡ ᠶᠢᠨ ᠬᠤᠶᠢᠨ᠎ᠠ ᠲᠡᠭᠦᠰᠬᠦ ᠶᠣᠰᠣᠯᠠᠯ ᠶᠠᠪᠤᠭᠳᠠᠭᠤᠯᠵᠤ᠂ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠣᠬᠢᠶᠠᠯᠴᠢᠳ ᠤᠨ ᠲᠥᠯᠥᠭᠡᠯᠡᠭᠴᠢᠳ ᠢᠯᠡᠳᠭᠡᠯ ᠬᠢᠵᠦ᠂ ᠲᠥᠷᠥᠭᠳᠡᠯ ᠢᠶᠠᠨ ᠬᠤᠪᠢᠶᠠᠯᠴᠠᠭᠰᠠᠨ ᠪᠥᠭᠡᠳ ᠰᠢᠯᠢᠳᠡᠭ ᠵᠣᠬᠢᠶᠠᠯᠴᠢᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠠᠢ᠃ ᠶᠣᠰᠣᠯᠠᠯ ᠤᠨ ᠲᠠᠷᠠᠭ᠎ᠠ᠂ ᠬᠠᠮᠳᠤ ᠎ ᠪᠠᠷ ᠴᠠᠭᠠᠨ ᠢᠳᠡᠭᠡᠨ ᠤ ᠵᠤᠭᠤᠭ ᠤᠨ ᠦᠷᠦᠭᠡ ᠪᠠᠷ ᠲᠣᠭᠤᠷᠢᠨ ᠦᠵᠡᠵᠦ᠂ ᠴᠠᠭᠠᠨ ᠢᠳᠡᠭᠡ ᠬᠢᠬᠦ ᠤᠯᠠᠮᠵᠢᠯᠠᠯᠳᠤ ᠤᠷ᠎ᠠ ᠮᠡᠷᠭᠡᠵᠢᠯ ᠢ ᠪᠡᠶᠡᠴᠢᠯᠡᠨ ᠤᠶᠢᠯᠠᠭᠠᠭᠰᠠᠨ ᠪᠠᠶᠢᠨ᠎ᠠ᠃       ᠲᠣᠰ ᠤᠳᠠᠭᠠᠨ ᠤ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠨᠢ ᠤᠳᠬ᠎ᠠ ᠤᠷᠠᠯᠢᠭ ᠤᠨ ᠠᠵᠢᠯᠲᠠᠳ ᠲᠤ ᠡᠯᠪᠡᠭ ᠪᠠᠶᠠᠯᠢᠭ ᠵᠣᠬᠢᠶᠠᠨ ᠪᠦᠲᠦᠭᠡᠬᠦ ᠪᠣᠷᠣ ᠮᠠᠲ᠋ᠧᠷᠢᠶᠠᠯ ᠪᠠ ᠵᠣᠬᠢᠶᠠᠨ ᠪᠦᠲᠦᠭᠡᠬᠦ ᠮᠡᠳᠡᠷᠡᠮᠵᠢ ᠤᠯᠭᠤᠭᠰᠠᠨ ᠢᠶᠠᠷ ᠪᠠᠷᠠᠬᠤ ᠥᠬᠡᠶ ᠨᠠᠩ ᠴᠤ ᠨᠡᠶᠢᠭᠡᠮ ᠳᠠᠶᠠᠭᠠᠷ ᠲᠤ ︽ᠳᠤᠮᠳᠠᠳᠤ ᠶᠢᠨ ᠰᠤᠶᠤᠯ ᠢ ᠮᠠᠬᠳᠠᠨ ᠳᠠᠭᠤᠯᠠᠵᠤ ᠤᠮᠠᠷᠠᠳᠤ ᠬᠢᠯᠢ ᠶᠢ ᠤᠶᠠᠩᠭᠠᠯᠠᠬᠤ︾ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠵᠣᠬᠢᠶᠠᠨ ᠪᠦᠲᠦᠭᠡᠬᠦ ᠬᠠᠷᠠᠭᠠᠰᠤ ᠎ ᠪᠠᠨ ᠦᠷᠭᠡᠳᠭᠡᠵᠦ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠭᠰᠠᠨ ᠪᠠᠶᠢᠨ᠎ᠠ᠃ ᠤᠯᠠᠨ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠦᠷᠬᠦᠯᠵᠢᠯᠡᠨ ᠨᠡᠩ ᠤᠯᠠᠨ ᠰᠣᠳᠣᠨ ᠪᠦᠲᠦᠭᠡᠯ ᠢ ᠲᠤᠭᠤᠷᠪᠢᠵᠦ᠂ ᠰᠣᠶᠣᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠦᠭᠵᠢᠭᠡᠨ᠂ ᠰᠢᠨ᠎ᠡ ᠴᠠᠭ ᠦᠶ᠎ᠡ ᠶᠢᠨ ᠰᠣᠶᠣᠯ ᠤᠨ ᠬᠥᠭᠵᠢᠯ ᠴᠡᠴᠡᠭᠯᠡᠯ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号