ᠰᠢᠯᠤᠭᠤᠨ ᠬᠥᠬᠡ ᠬᠤᠰᠢᠭᠤ ᠪᠣᠯᠤᠨ ᠰᠥᠨᠢᠳ ᠪᠠᠷᠠᠭᠤᠨ ᠬᠤᠰᠢᠭᠤᠨ ᠤ ᠰᠣᠶᠣᠯ ᠤᠷᠠᠯᠢᠭ ᠤᠨ | ᠰᠣᠯᠢᠯᠴᠠᠭᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ 10 ᠰᠠᠷ᠎ᠠ ᠶᠢᠨ 17 | ᠤ ᠡᠳᠦᠷ ᠰᠢᠯᠤᠭᠤᠨ ᠬᠥᠬᠡ ᠬᠤᠰᠢᠭᠤᠨ ᠤ ᠠᠰᠤᠷᠤ ᠢᠵᠠᠭᠤᠷ ᠤᠷᠠᠯᠢᠭ ᠤᠨ ᠨᠡᠶᠢᠭᠡᠮᠯᠢᠭ ᠪᠣᠯᠤᠨ ᠰᠥᠨᠢᠳ | ᠪᠠᠷᠠᠭᠤᠨ ᠬᠤᠰᠢᠭᠤᠨ ᠤ ᠰᠣᠶᠣᠯ ᠤᠨ ᠣᠷᠳᠣᠨ ᠤ ᠠᠰᠤᠷᠤ ᠰᠣᠶᠣᠯ ᠤᠷᠠᠯᠢᠭ ᠤᠨ ᠠᠩᠭᠢ ᠬᠠᠮᠲᠤᠷᠠᠨ ᠰᠢᠯᠤᠭᠤᠨ | ᠬᠥᠬᠡ ᠬᠤᠰᠢᠭᠤᠨ ᠤ ᠱᠸᠤ ᠺᠠᠩ ᠰᠤᠪᠢᠯᠠᠯᠲᠠ ᠶᠢᠨ ᠬᠦᠷᠢᠶᠡᠯᠡᠩ ᠳᠤ ᠲᠣᠬᠤᠨᠢᠭᠤᠯᠬᠤ ᠲᠣᠭᠯᠠᠯᠲᠠ ᠭᠠᠷᠭᠠᠪᠠ᠃ | ᠲᠣᠭᠯᠠᠯᠲᠠ ᠨᠢ ᠰᠥᠨᠢᠳ ᠪᠠᠷᠠᠭᠤᠨ ᠬᠤᠰᠢᠭᠤᠨ ᠤ ᠰᠣᠶᠣᠯ ᠤᠨ ᠣᠷᠳᠣᠨ ᠤ ᠠᠰᠤᠷᠤ ᠰᠣᠶᠣᠯ ᠤᠷᠠᠯᠢᠭ | ᠤᠨ ᠠᠩᠬᠢ ᠶᠢᠨ ︽ᠰᠢᠨ᠎ᠡ ᠴᠠᠭ ᠦᠶ᠎ᠡ ᠶᠢᠨ ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠶ᠎ᠠ︾ ᠭᠡᠬᠦ ᠨᠠᠶᠢᠷᠠᠯ | ᠳᠠᠭᠤᠤ ᠪᠠᠷ ᠬᠦᠰᠢᠭᠡ ᠪᠠᠨ ᠰᠡᠭᠦᠵᠦ᠂ ᠵᠠᠯᠭᠠᠭᠠᠳ ᠬᠤᠶᠠᠷ ᠭᠠᠵᠠᠷ ᠤᠨ ᠲᠣᠭᠯᠠᠭᠴᠢᠳ ᠤᠨ ᠬᠠᠮᠳᠤ ᠶᠢᠨ | ᠲᠤᠭᠯᠠᠯᠳᠠ ︽ᠠᠰᠤᠷᠤ︾᠂ ᠪᠦᠵᠢᠭ ︽ᠠᠪᠤ ᠶᠢᠨ ᠨᠠᠮᠤᠷ︾᠂ ᠡᠮᠡᠭᠲᠡᠶ ᠶᠢᠨ ᠭᠤᠴᠣᠯᠠᠯ ᠳᠠᠭᠤᠤ ︽ᠮᠢᠨᠦ ᠨᠠᠶᠢᠵᠠ︾᠂ | ᠮᠣᠷᠢᠨ ᠬᠤᠭᠤᠷ ᠤᠨ ᠭᠤᠴᠣᠯᠠᠯ ᠬᠥᠭᠵᠢᠮ ︽ᠣᠲᠣᠷ ᠤᠨ ᠵᠠᠯᠠᠭᠤᠰ︾ ᠵᠡᠷᠭᠡ 10 ᠭᠠᠷᠤᠶ ᠲᠣᠭᠯᠠᠯᠲᠠ ᠶᠢ | ᠰᠤᠨᠢᠷᠬᠠᠭᠤᠯᠵᠤ᠂ ᠠᠬᠤᠢ ᠲᠠᠯᠠᠪᠠᠢ ᠳᠠᠬᠢ ᠨᠠᠰᠤᠲᠠᠶᠢᠴᠤᠳ ᠤᠨ ᠬᠠᠯᠠᠭᠤᠨ ᠠᠯᠠᠭ᠎ᠠ ᠲᠠᠰᠢᠯᠳᠠ ᠶᠢ ᠬᠦᠷᠳᠡᠵᠦ | ᠪᠠᠶᠢᠯ᠎ᠠ᠃ | ᠲᠣᠰ ᠤᠳᠠᠭᠠᠨ ᠤ ᠲᠣᠭᠯᠠᠯᠲᠠ ᠨᠢ ᠰᠢᠯᠤᠭᠤᠨ ᠬᠥᠬᠡ ᠬᠤᠰᠢᠭᠤᠨ ᠤ ᠱᠸᠦ ᠺᠠᠩ ᠰᠤᠪᠢᠯᠠᠯᠲᠠ ᠶᠢᠨ | ᠬᠦᠷᠢᠶᠡᠯᠡᠩ ᠳᠤ ᠰᠠᠭᠤᠵᠤ ᠪᠠᠶᠢᠭ᠎ᠠ ᠨᠠᠰᠤᠲᠠᠶᠢᠴᠤᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ | ᠪᠠᠷᠠᠬᠤ ᠥᠬᠡᠶ ᠨᠠᠩ ᠴᠤ ᠬᠤᠶᠠᠷ ᠭᠠᠵᠠᠷ ᠤᠨ ᠤᠷᠠᠯᠢᠭ ᠤᠨ ᠪᠦᠯᠬᠦᠮ ᠤᠨ ᠬᠢᠨ ᠳᠤ ᠬᠠᠷᠢᠯᠴᠠᠨ ᠤᠷ᠎ᠠ ᠮᠡᠷᠭᠡᠵᠢᠯ | ᠢᠶᠠᠨ ᠰᠤᠯᠢᠯᠴᠠᠵᠤ᠂ ᠬᠠᠷᠢᠯᠴᠠᠨ ᠰᠤᠷᠤᠯᠴᠠᠬᠤ ᠲᠠᠪᠴᠠᠩ ᠬᠠᠩᠭᠠᠭᠰᠠᠨ ᠪᠠᠶᠢᠨ᠎ᠠ᠃ ᠤᠯᠠᠨ ᠢᠶᠠᠷ ᠢᠶᠠᠨ᠂ | ᠬᠤᠶᠢᠰᠢᠳᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠬᠤᠶᠠᠷ ᠭᠠᠵᠠᠷ ᠤᠨ ᠰᠣᠶᠣᠯ ᠤᠷᠠᠯᠢᠭ ᠤᠨ ᠰᠣᠯᠢᠯᠴᠠᠭ᠎ᠠ ᠶᠢ ᠬᠦᠨᠵᠡᠭᠡᠶᠢᠷᠡᠭᠦᠯᠦᠨ᠂ ᠬᠠᠮᠳᠤ ᠳᠠᠭᠠᠨ ᠳᠠᠪᠰᠢᠬᠤ ᠪᠠᠷ | ᠴᠢᠷᠮᠠᠶᠢᠨ᠎ᠠ ᠭᠡᠵᠦ ᠢᠯᠡᠳᠭᠡᠵᠡᠭᠡᠯᠡ᠃ | |