ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠬᠤᠷ ᠺᠢᠨᠣ᠋ ︵ᠪᠢᠴᠢᠯ ᠺᠢᠨᠣ᠋︶ ᠶᠢᠨ ᠤᠷᠤᠯᠳᠤᠭᠠᠨ ᠤ ᠪᠣᠯᠪᠠᠰᠤᠷᠠᠯ ᠰᠢᠯᠤᠭᠤᠨ ᠬᠥᠬᠡ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/10/22
      ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ᠂ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠳᠠᠭᠠᠭᠠᠴᠢᠯᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠣᠬᠤᠷ ᠺᠢᠨᠣ᠋ ︵ᠪᠢᠴᠢᠯ ᠺᠢᠨᠣ᠋︶ ᠶᠢᠨ ᠤᠷᠤᠯᠳᠤᠭᠠᠨ ᠤ ᠪᠤᠯᠪᠠᠰᠤᠷᠠᠯ 10 ᠰᠠᠷ᠎ᠠ ᠶᠢᠨ 15 ᠤ ᠡᠳᠦᠷ ᠰᠢᠯᠤᠭᠤᠨ ᠬᠥᠬᠡ ᠬᠤᠰᠢᠭᠤᠨ  ᠳᠤ ᠡᠬᠢᠯᠡᠯ᠎ᠡ᠃ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠬᠦᠢ ᠰᠢ ᡁᠢ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ  ᠤᠨ ᠲᠡᠷᠢᠭᠦᠯᠡᠭᠴᠢ ᠨᠢᠩ ᠼᠠᠢ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠹᠧᠩ ᠯᠢ ᠡᠾᠦ᠋ᠢ ᠶᠣᠰᠣᠯᠠᠯ ᠳᠤ ᠤᠷᠤᠯᠴᠠᠵᠤ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠪᠠᠶᠠᠷ ᠤᠨ ᠦᠭᠡ ᠶᠠᠷᠢᠵᠠᠢ᠃      ᠬᠦᠢ ᠰᠢ ᡁᠢ᠂ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠳᠠᠯᠠᠵᠤ᠂ ︽ᠠᠷᠠᠳ ᠲᠦᠮᠡᠨ ᠤ ᠳᠤᠮᠳᠠ ᠬᠦᠨᠵᠡᠭᠡᠶᠢᠷᠡᠨ᠂ ᠠᠮᠢᠳᠤᠷᠠᠯ ᠳᠤ ᠬᠦᠨᠵᠡᠭᠡᠶᠢᠷᠡᠬᠦ︾ ᠶᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠨᠳᠦᠰᠦᠨ ᠠᠷᠭ᠎ᠠ ᠪᠤᠯᠭᠠᠨ᠂ ᠦᠵᠡᠯ ᠰᠠᠨᠠᠭᠠᠴᠢ ᠴᠢᠨᠠᠷ ᠪᠠ ᠤᠷᠠᠯᠢᠭᠴᠢ ᠴᠢᠨᠠᠷ ᠤᠨ ᠨᠢᠭᠡᠳᠦᠯ ᠢ ᠴᠢᠬᠤᠯᠠᠴᠢᠯᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠤᠰᠬᠠᠭᠰᠠᠨ᠂ ᠠᠷᠠᠳ ᠲᠦᠮᠡᠨ ᠤ ᠠᠮᠢᠳᠤᠷᠠᠯ ᠲᠠᠢ ᠣᠶᠢᠷᠠᠲᠤᠭᠰᠠᠨ ᠰᠢᠯᠢᠳᠡᠭ ᠪᠦᠲᠦᠭᠡᠯ ᠢ ᠲᠤᠭᠤᠷᠪᠢᠵᠦ᠂ ᠪᠢᠴᠢᠯ ᠺᠢᠨᠣ᠋ ᠶᠢᠨ ᠤᠷᠠᠯᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠥᠪᠥᠷ ᠮᠣᠩᠭᠤᠯ ᠤᠨ ᠺᠢᠨᠣ᠋ ᠶᠢᠨ ᠦᠶᠯᠡᠰ ᠲᠤ ᠬᠤᠪᠢ ᠨᠡᠮᠡᠷᠢ ᠦᠵᠡᠭᠦᠯᠦᠨ᠂ ᠪᠦᠬᠦ ᠣᠷᠣᠨ ᠤ ᠤᠳᠬ᠎ᠠ ᠤᠷᠠᠯᠢᠭ  ᠤᠨ ᠦᠢᠯᠡᠰ ᠤᠨ ᠴᠡᠴᠡᠭᠯᠡᠨ ᠬᠥᠭᠵᠢᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠨᠢᠩ ᠼᠠᠢ ᠬᠡᠯᠡᠬᠦ  ᠳᠡᠭᠡᠨ᠄ ︽ᠥᠩᠭᠡᠷᠡᠭᠰᠡᠨ ᠳᠤ ᠪᠣᠯᠪᠠᠰᠤᠷᠠᠯ ᠢ ᠪᠦᠷ ᠤᠨᠤᠯ ᠢᠶᠠᠷ ᠭᠤᠣᠯ ᠪᠣᠯᠭᠠᠵᠤ ᠪᠠᠶᠢᠭᠰᠠᠨ ᠪᠤᠯ ᠡᠨᠡ ᠤᠳᠠᠭ᠎ᠠ ᠤᠨᠤᠯ ᠪᠣᠯᠤᠨ ᠦᠢᠯᠡᠳᠦᠯᠭᠡ ᠶᠢ ᠤᠶᠠᠯᠳᠤᠭᠤᠯᠤᠭᠰᠠᠨ ᠰᠢᠨ᠎ᠡ ᠶᠢ ᠡᠭᠦᠳᠦᠭᠰᠡᠨ ᠪᠣᠯᠪᠠᠰᠤᠷᠠᠯ ᠦᠷᠨᠢᠭᠦᠯᠦᠯ᠎ᠡ᠃ ᠥᠪᠥᠷ ᠮᠣᠩᠭᠤᠯ ᠤᠨ ᠦᠨᠳᠦᠰᠦᠲᠡᠨ ᠤ ᠺᠢᠨᠣ᠋ ᠶᠢ ᠬᠠᠮᠤᠭ ᠠᠴᠠ ᠣᠯᠠᠨ ᠰᠡᠭᠦᠳᠡᠷᠯᠡᠭᠰᠡᠨ ᠭᠠᠵᠠᠷ ᠪᠣᠯ ᠰᠢᠯᠢ ᠶᠢᠨ ᠭᠤᠣᠯ ᠠᠶᠢᠮᠠᠭ ᠪᠣᠯᠤᠨ᠎ᠠ᠂ ᠡᠭᠦᠨ ᠳᠤ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠦᠬᠡ ᠬᠤᠰᠢᠭᠤᠨ ᠳᠤ ᠰᠡᠭᠦᠳᠡᠷᠯᠡᠨ ᠦᠢᠯᠡᠳᠦᠭᠰᠡᠨ ᠨᠢ ᠬᠠᠮᠤᠭ ᠤᠯᠠᠨ᠃ ᠠᠳᠡ ᠡᠯᠪᠡᠭ ᠪᠠᠶᠠᠯᠢᠭ ᠲᠡᠦᠬᠡ ᠰᠣᠶᠣᠯ ᠤᠨ ᠠᠭᠤᠯᠤᠭᠳᠠᠬᠤᠨ ᠂ ᠡᠭᠡᠯ ᠪᠣᠷᠣᠭᠵᠢᠭᠤᠨ ᠵᠠᠩ ᠦᠢᠯᠡ᠂ ᠭᠤᠶᠤ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠲᠠᠢ ᠤᠴᠢᠷ ᠠᠴᠠ ᠰᠢᠯᠤᠭᠤᠨ ᠬᠦᠭᠡ ᠬᠤᠰᠢᠭᠤᠨ ᠳᠤ ᠪᠤᠯᠪᠠᠰᠤᠷᠠᠯ ᠦᠷᠨᠢᠬᠦᠯᠵᠦ ᠦᠵᠡᠭᠳᠡᠯ ᠰᠡᠭᠦᠳᠡᠷᠯᠡᠬᠦ ᠨᠢ ᠮᠠᠰᠢ ᠤᠳᠬ᠎ᠠ ᠠᠭᠤᠯᠭ᠎ᠠ ᠲᠠᠢ ᠶᠤᠮ︾ ᠭᠡᠯ᠎ᠡ᠃       ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠪᠠᠶᠠᠠᠶᠢᠷᠦᠭᠡᠯ ᠬᠡᠯᠡᠬᠦ ᠳᠡᠭᠡᠨ᠄ ︽ᠰᠢᠯᠤᠭᠤᠨ ᠬᠦᠬᠡ ᠬᠤᠰᠢᠭᠤ ᠶᠢ ᠺᠢᠨᠣ᠋ ᠶᠢᠨ ᠥᠯᠥᠭᠡᠢ ᠭᠡᠵᠦ ᠬᠡᠯᠡᠬᠦ ᠳᠤ ᠪᠤᠯᠬᠤ ᠶᠤᠮ᠃ ᠠᠳᠡ ᠮᠢᠨᠦ ᠥᠪᠡᠷ  ᠢᠶᠠᠨ ᠰᠡᠭᠦᠳᠡᠷᠯᠡᠵᠦ ᠲᠤᠭᠯᠠᠭᠰᠠᠨ ᠪᠦᠲᠦᠭᠡᠯ 10 ᠭᠠᠷᠤᠢ ᠪᠤᠢ᠃ ᠰᠢᠯᠤᠭᠤᠨ ᠬᠥᠬᠡ ᠬᠤᠰᠢᠭᠤᠨ ᠤ ᠭᠠᠵᠠᠷ ᠵᠦᠶ᠂ ᠬᠥᠮᠦᠨ ᠰᠣᠶᠣᠯ ᠤᠨ ᠣᠷᠴᠢᠨ ᠮᠠᠰᠢ ᠰᠠᠶᠢᠨ᠂ ᠮᠢᠨᠦ ᠮᠠᠰᠢ ᠳᠤᠭᠤᠳᠠᠭ ᠭᠠᠵᠠᠷ ᠪᠤᠯᠤᠨ᠎ᠠ᠃ ᠳᠡᠳ᠋ ᠲᠡᠷᠢᠭᠦᠯᠡᠭᠴᠢ ᠪᠤᠯᠤᠭᠰᠠᠨ ᠤ ᠬᠤᠪᠢ ᠳᠤ ᠪᠢ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠵᠠᠯᠠᠭᠤ ᠨᠢᠭᠡ ᠦᠶ᠎ᠡ ᠶᠢᠨ ᠬᠢᠨ ᠳᠤ ᠳᠠᠭᠤᠷᠢᠶᠠᠯ ᠦᠵᠡᠭᠦᠯᠦᠨ᠂ ᠥᠪᠥᠷ ᠮᠣᠩᠭᠤᠯ ᠤᠨ ᠺᠢᠨᠣ᠋ ᠶᠢᠨ ᠦᠢᠯᠡᠰ ᠲᠤ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ ᠭᠡᠵᠦ ᠪᠤᠳᠤᠵᠤ ᠪᠠᠶᠢᠨ᠎ᠠ︾ ᠭᠡᠯ᠎ᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠪᠤᠯᠪᠠᠰᠤᠷᠠᠯ ᠨᠢ ᠰᠢᠯᠤᠭᠤᠨ ᠬᠥᠬᠡ ᠬᠤᠰᠢᠭᠤᠨ ᠳᠤ ᠬᠤᠶᠠᠷ ᠬᠤᠭᠤᠴᠠᠭ᠎ᠠ ᠬᠤᠪᠢᠶᠠᠨ ᠨᠡᠶᠢᠳᠡ 10 ᠡᠳᠦᠷ ᠰᠡᠭᠦᠳᠡᠷᠯᠡᠬᠦ ᠪᠠᠷ ᠪᠠᠶᠢᠵᠦ᠂ ᠨᠢᠩ ᠼᠠᠢ᠂ ᠪᠠᠶᠠᠠᠶᠢᠷᠦᠭᠡᠯ᠂ ᠵᠠᠩ ᠳ᠋ᠠ ᠯᠧᠢ᠂ ᠳᠠᠬᠢᠨᠢ ᠵᠡᠷᠭᠡ ᠣᠯᠠᠨ ᠤᠯᠤᠰ ᠤᠨ ᠱᠠᠩᠨᠠᠯ ᠬᠦᠷᠲᠡᠭᠰᠡᠨ ᠤᠳᠤᠷᠢᠳᠤᠭᠠᠴᠢ᠂ ᠲᠣᠭᠯᠠᠭᠴᠢᠳ᠂ ᠲᠤᠰᠬᠠᠢ ᠮᠡᠷᠭᠡᠵᠢᠯᠲᠡᠳ ᠬᠠᠮᠲᠤ ᠪᠠᠷ 10 ᠰᠢᠯᠢᠳᠡᠭ ᠺᠢᠨᠣ᠋ ᠵᠤᠬᠢᠶᠠᠨ ᠪᠦᠲᠦᠭᠡᠭᠦ ᠪᠤᠯᠤᠨ᠎ᠠ᠃ ᠡᠲᠡᠭᠡᠷ ᠪᠦᠲᠦᠭᠡᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠲᠣᠭᠤᠷᠢᠨ ᠳᠤ᠂ ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠵᠠᠩ ᠰᠤᠷᠲᠠᠯ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠦᠵᠡᠭᠴᠢᠳ ᠲᠤ ᠴᠣ ᠰᠢᠨ᠎ᠡ ᠦᠵᠡᠮᠵᠢ ᠶᠢᠨ ᠲᠥᠷᠥᠭᠳᠡᠯ ᠪᠠ ᠤᠷᠠᠯᠢᠭ ᠤᠨ ᠪᠡᠶᠡᠴᠢ ᠣᠶᠢᠯᠠᠭᠠᠯᠲᠠ ᠶᠢ ᠠᠪᠴᠢᠷᠠᠬᠤ ᠪᠣᠯᠤᠨ᠎ᠠ᠃    
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号