ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠭᠡᠯᠵᠢᠯᠡᠨ ᠪᠣᠯᠪᠠᠰᠤᠷᠠᠭᠤᠯᠬᠤ ᠠᠩᠭᠢ ︵ᠭᠤᠷᠪᠠᠳᠤᠭᠠᠷ ᠬᠤᠭᠤᠴᠠᠭ᠎ᠠ︶ ᠬᠢᠴᠢᠶᠠᠯ ᠡᠬᠢᠯᠡᠯ᠎ᠡ
ᠨᠡᠶᠢᠲᠡᠯᠡᠭᠰᠡᠨ ᠴᠠᠭ᠄
2024/10/22
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠳᠤᠷᠢᠳᠬᠤ ᠺᠠᠳ᠋ᠷᠴᠤᠳ ᠢ ᠵᠢᠯᠤᠭᠤᠳᠤᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠤᠶᠢᠯᠠᠭᠠᠭᠤᠯᠵᠤ᠂ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠪᠤᠯᠤᠨ ᠦᠭᠡᠷᠡᠴᠢᠯᠡᠯᠳᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠬᠦᠯᠬᠦ ᠶᠢᠨ ᠲᠤᠰᠠᠳᠠ 10 ᠰᠠᠷ᠎ᠠ ᠶᠢᠨ 14 ᠤ ᠡᠳᠦᠷ ᠰᠢᠯᠤᠭᠤᠨ ᠬᠦᠭᠡ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠷᠪᠠᠳᠤᠭᠠᠷ ᠬᠤᠭᠤᠴᠠᠭᠠᠨ ᠤ ᠡᠭᠡᠯᠵᠢᠳᠦ ᠪᠤᠯᠪᠠᠰᠤᠷᠠᠯ ᠡᠷᠬᠢᠯᠡᠯ᠎ᠡ᠃       ᠪᠣᠯᠪᠠᠰᠤᠷᠠᠯ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ + ᠲᠤᠷᠰᠢᠯᠭ᠎ᠠ ᠰᠤᠯᠢᠯᠴᠠᠵᠤ ᠰᠤᠳᠤᠯᠤᠨ ᠶᠠᠷᠢᠯᠴᠠᠬᠤ + ᠣᠨᠣᠯ ᠤᠨ ᠰᠢᠯᠭᠠᠯᠲᠠ ᠵᠡᠷᠭᠡ ᠬᠡᠯᠪᠡᠷᠢ  ᠪᠠᠷ ᠶᠠᠪᠤᠭᠳᠠᠭᠤᠯᠤᠨ᠂ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠠᠮ ᠤᠨ ᠰᠤᠷᠭᠠᠭᠤᠯᠢ ᠶᠢᠨ ᠪᠠᠭᠰᠢ ᠬᠤ᠋ ᠴᠤᠤ ᠹᠧᠩ ᠪᠤᠯᠤᠨ ᠳᠡᠳ᠋ ᠫᠷᠤᠹᠧᠰᠰᠤᠷ ᠬᠤᠸᠠᠩ ᠮᠧᠶ ᠲᠤᠰ ᠲᠤᠰ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ︾ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠶᠢᠯᠠᠭᠠᠭᠳᠠᠬᠤᠨ︾ ᠬᠡᠬᠦ ᠰᠡᠳᠦᠪ  ᠢᠶᠠᠷ ᠳᠠᠶᠢᠯᠤᠮᠵᠢ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠤᠯᠤᠨ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ  ᠤᠨ ᠪᠠᠭᠰᠢ ᠨᠠᠷ ᠠᠴᠠ ︽ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ᠠᠮᠢ ᠠᠬᠤᠢ  ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠠᠭᠤᠯᠭ᠎ᠠ ᠪᠠᠷ ᠬᠢᠴᠢᠶᠡᠯᠯᠡᠭᠰᠡᠨ ᠪᠠᠶᠢᠨ᠎ᠠ᠃      ᠪᠤᠯᠪᠠᠰᠤᠷᠠᠯ ᠢᠶᠠᠷ ᠳᠠᠮᠵᠢᠭᠤᠯᠤᠨ ᠥᠷᠭᠡᠨ ᠣᠯᠠᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠶᠢ ᠬᠦᠨᠵᠡᠭᠡᠶᠢᠷᠡᠭᠦᠯᠵᠦ᠂ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠤᠨᠤᠯ ᠤᠨ ᠬᠢᠷᠢ ᠲᠦᠪᠰᠢᠨ ᠪᠤᠯᠤᠨ ᠨᠠᠮᠴᠢ ᠴᠢᠨᠠᠷ ᠤᠨ ᠬᠦᠮᠦᠵᠢᠯ ᠢ ᠳᠡᠭᠡᠭᠰᠢᠯᠡᠭᠦᠯᠵᠦ᠂ ᠰᠤᠷᠤᠯᠴᠠᠨ ᠲᠤᠭᠤᠰᠢᠯᠠᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠭᠰᠠᠨ ᠪᠠᠶᠢᠨ᠎ᠠ᠃      ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠦ᠂ ᠪᠥᠬᠦ ᠬᠤᠰᠢᠭᠤᠨ ᠤ ᠰᠠᠯᠠᠭᠠᠨ ᠲᠠᠰ ᠤᠨ ᠺᠠᠳ᠋ᠷ ᠨᠡᠶᠢᠲᠡ 140 ᠊ᠭᠡᠳ ᠬᠥᠮᠦᠨ ᠤᠷᠤᠯᠴᠠᠵᠠᠢ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号