ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠷᠠᠨ ᠵᠢᠷᠤᠭ ᠭᠠᠷ ᠤᠷᠠᠯᠠᠯ ᠎ ᠤᠨ ᠪᠦᠲᠦᠭᠡᠯ ᠤᠨ ᠦᠵᠡᠰᠬᠦᠯᠡᠩ ᠡᠷᠬᠢᠯᠡᠪᠡ
ᠨᠡᠶᠢᠲᠡᠯᠡᠭᠰᠡᠨ ᠴᠠᠭ᠄
2024/11/1
      ᠬᠡᠦᠬᠡᠳ ᠤᠳ ᠤᠨ ᠡᠷᠡᠭᠦᠯ ᠴᠢᠭᠢᠷᠠᠭ ᠭᠤᠸ᠎ᠠ‌‍ᠰᠠᠶᠢᠬᠠᠨ ᠤ ᠳᠤᠷ᠎ᠠ ᠰᠣᠨᠢᠷᠬᠠᠯ ᠪᠠ ᠰᠢᠯᠢᠳᠡᠭ ᠤᠷᠠᠯᠢᠭ ᠤᠨ ᠪᠣᠯᠪᠠᠰᠤᠷᠠᠯ ᠢ ᠬᠥᠮᠦᠵᠢᠭᠦᠯᠵᠦ᠂ ᠬᠡᠦᠬᠡᠳ ᠤᠨ ᠭᠠᠷ ᠬᠥᠳᠡᠯᠵᠦ ᠠᠵᠢᠯᠯᠠᠬᠤ ᠴᠢᠳᠠᠪᠤᠷᠢ ᠶᠢ ᠪᠣᠯᠪᠠᠰᠤᠷᠠᠭᠤᠯᠬᠤ ᠶᠢᠨ ᠲᠥᠯᠥᠭᠡ᠂ 10 ᠰᠠᠷ᠎ᠠ ᠶᠢᠨ 25᠎ ᠤ ᠡᠳᠦᠷ᠂ ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ︽ᠬᠦᠰᠡᠯ ᠤᠨ ᠵᠢᠬᠦᠷ︾ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠰᠬᠦᠯᠡᠩ ᠡᠷᠭᠢᠯᠡᠪᠡ᠃     ᠲᠣᠰ ᠤᠳᠠᠭᠠᠨ ᠤ ᠠᠵᠢᠯᠯᠠᠭ᠎ᠠ ᠳᠤ ᠡᠯ᠎ᠡ ᠠᠩᠭᠢ ᠶᠢᠨ ᠬᠡᠦᠬᠡᠳ ᠤᠳ ᠤᠨ ᠭᠤᠶᠢᠳᠠ ᠰᠠᠶᠢᠬᠠᠨ ᠪᠦᠲᠦᠭᠡᠯ ᠢ ᠡᠮᠬᠢᠳᠬᠡᠨ ᠴᠤᠭᠯᠠᠭᠤᠯᠵᠤ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠪᠦᠲᠦᠭᠡᠯ ᠨᠢᠭᠡᠪᠦᠷᠢ ᠨᠢ ᠴᠥᠮ ᠬᠡᠦᠬᠡᠳ ᠤᠨ ᠥᠪᠡᠷᠮᠢᠴᠡ ᠪᠦᠲᠦᠭᠡᠯᠴᠢ ᠰᠡᠳᠬᠢᠮᠵᠢ ᠪᠠ ᠲᠥᠰᠦᠭᠡᠯᠡᠨ ᠪᠤᠳᠤᠯᠲᠠ ᠶᠢ ᠠᠭᠤᠯᠵᠤ ᠪᠠᠶᠢᠯ᠎ᠠ᠃  ᠬᠡᠦᠬᠡᠳ ‍ᠦᠳ‌ᠨᠠᠮᠤᠷ ᠤᠨ ᠤᠯᠠᠷᠢᠯ ᠤᠨ ᠮᠣᠳᠣᠨ ᠨᠠᠪᠴᠢ᠂ ᠵᠢᠮᠢᠰ ᠤᠨ ᠬᠠᠯᠢᠰᠤ ᠵᠡᠷᠭᠡ ᠪᠠᠶᠢᠭᠠᠯᠢ ᠶᠢᠨ ᠮᠠᠲ᠋ᠧᠷᠢᠶᠠᠯ ᠢ ᠠᠰᠢᠭᠯᠠᠨ᠂ ᠠᠮᠢᠳᠤᠯᠢᠭ ᠰᠣᠨᠢᠷᠬᠠᠯᠲᠠᠶ ᠨᠠᠮᠤᠷ ᠤᠨ ᠡᠳᠦᠷ ᠤᠨ ᠪᠦᠲᠦᠭᠡᠯ ᠤᠳ ᠢ ᠵᠣᠬᠢᠶᠠᠨ ᠪᠦᠲᠦᠭᠡᠵᠦ᠂ ᠲᠡᠳᠡᠨ ‍ᠦ‌ᠡᠬᠡ ᠪᠠᠶᠢᠭᠠᠯᠢ ᠳᠠᠭᠠᠨ ᠬᠠᠶᠢᠷᠠᠲᠠᠶ ᠪᠠᠶᠢᠬᠤ ᠶᠢ ᠢᠯᠡᠷᠡᠭᠦᠯᠦᠭᠰᠡᠨ ᠮᠥᠷᠲᠡᠭᠡᠨ ᠪᠠᠰᠠ ᠠᠵᠢᠭᠯᠠᠬᠤ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠠ᠃    ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠡᠷᠬᠢᠯᠡᠭᠴᠢ ᠪᠠᠭᠰᠢ ᠰᠠᠷᠠᠨᠳᠤᠩᠭᠠᠯᠠᠭ᠄ ︽ᠮᠠᠨ ᠤ ᠴᠡᠴᠡᠷᠯᠢᠭ ᠲᠤ ᠡᠷᠭᠢᠯᠡᠭᠰᠡᠨ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠰᠬᠦᠯᠡᠩ ᠨᠢ ᠭᠤᠤᠯᠳᠠᠭᠤ ᠬᠡᠦᠬᠡᠳ ᠤᠳ ᠲᠤ ᠥᠪᠡᠷ ᠤᠨ ᠤᠷᠠᠯᠢᠭ ᠤᠨ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠬᠠᠩᠭᠠᠠᠠᠰᠠᠠ ᠤ ᠬᠠᠮᠲᠤ ᠲᠤᠰ‌ᠠᠵᠢᠯᠯᠠᠭ᠎ᠠ ᠪᠠᠷ ᠳᠠᠮᠵᠢᠭᠤᠯᠤᠨ ᠬᠡᠦᠬᠡᠳ ᠤᠨ ᠭᠤᠸ᠎ᠠ ᠰᠠᠶᠢᠬᠠᠨ ᠤ ᠬᠥᠭᠡᠭᠡᠴᠡᠯᠳᠦᠯ ᠪᠠ ᠤᠷᠠᠯᠢᠭ ᠤᠨ ᠮᠡᠳᠡᠷᠡᠮᠵᠢ ᠶᠢ ᠬᠥᠭᠵᠢᠭᠡᠭᠰᠡᠨ ᠪᠠᠶᠢᠨ᠎ᠠ᠃︾ ᠬᠡᠯ᠎ᠡ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号