10 ᠰᠠᠷ᠎ᠠ ᠶᠢᠨ 24 ᠤ ᠡᠳᠦᠷ᠂ ᠰᠢᠯᠤᠭᠤᠨ ᠬᠥᠬᠡ ᠬᠤᠰᠢᠭᠤ 2024 ᠣᠨ ᠤ ᠲᠦᠷᠦᠭᠦᠦ ᠭᠤᠷᠪᠠᠨ | ᠤᠯᠠᠷᠢᠯ ᠤᠨ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠰᠢᠯᠤᠭᠤᠨ ᠬᠥᠬᠡ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠲᠦᠷᠦᠭᠦᠦ ᠭᠤᠷᠪᠠᠨ ᠤᠯᠠᠷᠢᠯ ᠤᠨ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ | ᠪᠠᠶᠢᠳᠠᠯ ᠤᠨ ᠲᠤᠬᠠᠶ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠤᠷᠪᠤᠯᠵᠢᠯᠠᠭᠴᠢ᠄ ᠪᠦᠬᠦ ᠬᠤᠰᠢᠭᠤᠨ ᠤ ᠭᠤᠣᠯ ᠪᠣᠯᠬᠤ ᠬᠤᠷᠸ᠎ᠠ ᠠᠵᠤ ᠠᠬᠤᠢ ᠶᠢᠨ ᠭᠦᠢᠴᠡᠳᠬᠡᠯ ᠲᠤᠭ᠎ᠠ | ᠶᠢᠨ ᠪᠠᠶᠢᠳᠠᠯ ᠠᠴᠠ ᠪᠢᠳᠡ ᠨᠢᠭᠡ ᠪᠦᠯᠦᠭ ᠠᠵᠤ ᠠᠬᠤᠢ ᠶᠢᠨ ᠲᠤᠭ᠎ᠠ ᠪᠠᠷᠢᠮᠲᠠ᠂ ᠦᠷ᠎ᠡ ᠪᠦᠲᠦᠭᠡᠯ ᠨᠢ ᠬᠥᠮᠦᠰ ᠢ | ᠵᠣᠷᠢᠭᠵᠢᠭᠤᠯᠤᠮ᠎ᠠ ᠪᠠᠶᠢᠬᠤ ᠶᠢ ᠣᠯᠵᠤ ᠬᠠᠷᠠᠯ᠎ᠠ᠃ ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠰᠢᠭᠤᠨ ᠤ | ᠠᠵᠤ ᠠᠬᠤᠶ ᠶᠢᠨ ᠠᠵᠢᠯᠯᠠᠭ᠎ᠠ ᠶᠢ ᠬᠡᠷᠬᠢᠨ ᠦᠨᠡᠯᠡᠬᠦ ᠪᠣᠶ ᠶᠠᠮᠠᠷ ᠶᠠᠮᠠᠷ ᠬᠢᠯᠠᠰ ᠴᠡᠭ ᠪᠠ ᠢᠳᠡᠪᠬᠢᠲᠡᠶ ᠬᠤᠪᠢᠷᠠᠯᠲᠠ | ᠪᠠᠶᠢᠬᠤ ᠪᠣᠶ︖2024 ᠣᠨ ᠤ ᠪᠦᠬᠦ ᠵᠢᠯ ᠤᠨ ᠰᠢᠯᠤᠭᠤᠨ ᠬᠦᠬᠡ ᠬᠤᠰᠢᠭᠤᠨ ᠤ ᠠᠵᠤ ᠠᠬᠤᠢ ᠶᠢᠨ | ᠬᠥᠭᠵᠢᠯᠲᠡ ᠳᠤ ᠶᠠᠮᠠᠷᠬᠠᠨ ᠪᠤᠢ︖ | ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠭᠤᠴᠠᠯᠭᠠᠳᠠᠨ᠄ ᠲᠦᠷᠦᠭᠦᠦ ᠭᠤᠷᠪᠠᠨ ᠤᠯᠠᠷᠢᠯ ᠳᠤ᠂ ᠪᠥᠬᠦ | ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠰᠢᠨ᠎ᠡ ᠵᠠᠮ ᠨᠡᠭᠡᠭᠡᠵᠦ᠂ ᠨᠡᠮᠡᠭᠳᠡᠯ ᠦᠨᠡᠨᠧᠷᠭᠢ ᠲᠠᠰᠤᠷᠠᠯᠲᠠ ᠥᠬᠡᠶ ᠴᠢᠩᠭᠠᠷᠠᠵᠤ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠠᠵᠤ | ᠠᠬᠤᠶ ᠶᠢᠨ ︽ᠬᠢᠷᠢ ᠪᠦᠲᠦᠮᠵᠢ ᠶᠢᠨ ᠬᠠᠭᠤᠳᠠᠰᠤ︾ ᠶᠢ ᠪᠢᠴᠢᠭᠯᠡᠭᠰᠡᠨ ᠪᠠᠶᠢᠨ᠎ᠠ᠃ | ᠨᠢᠭᠡ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠣᠨᠣᠪᠴᠢᠲᠠᠶ ᠪᠥᠭᠡᠳ ᠪᠦᠲᠦᠮᠵᠢᠲᠡᠶ | ᠬᠡᠷᠡᠭᠵᠢᠭᠦᠯᠵᠦ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠦ᠂ ᠲᠦᠷᠦᠭᠦᠦ | ᠭᠤᠷᠪᠠᠨ ᠤᠯᠠᠷᠢᠯ ᠳᠤ ᠮᠠᠨ ᠤ ᠬᠤᠰᠢᠭᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠣᠭᠤᠷᠢᠨ ᠳᠤ᠂ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ᠂ | ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ ᠵᠡᠷᠭᠡ ᠲᠠᠯ᠎ᠠ | ᠠᠴᠠ ᠭᠠᠷᠳᠠᠵᠤ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠠ ᠠᠵᠢᠯᠯᠠᠭᠠᠨ ᠤ ᠲᠣᠬᠢᠷᠠᠭᠤᠯᠤᠯᠲᠠ ᠶᠢ ᠲᠠᠰᠤᠷᠠᠯᠲᠠ | ᠥᠬᠡᠶ ᠴᠢᠩᠭᠠᠳᠬᠠᠵᠦ᠂ ᠲᠥᠷᠥ ᠶᠢᠨ ᠪᠣᠳᠣᠯᠭ᠎ᠠ ᠶᠢᠨ ᠰᠢᠷᠢᠰ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠭᠠᠷᠭᠠᠵᠦ᠂ | ᠥᠨᠳᠥᠷ ᠳᠠᠪᠲᠠᠮᠵᠢ᠂ ᠪᠦᠬᠦ ᠲᠠᠯ᠎ᠠ᠂ ᠠᠵᠤ ᠠᠬᠤᠶ ᠶᠢᠨ ᠠᠵᠢᠯᠯᠠᠭ᠎ᠠ ᠶᠢ ᠬᠢᠨᠠᠨ ᠬᠡᠮᠵᠢᠬᠦ ᠪᠠ ᠲᠣᠬᠢᠷᠠᠭᠤᠯᠬᠤ ᠶᠢ | ᠴᠢᠩᠭᠠᠥᠠᠬᠠᠵᠠᠢ᠃ | ᠬᠤᠶᠠᠷ ᠲᠤ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠪᠤᠷᠢᠵᠢᠨ ᠰᠠᠶᠢᠵᠢᠷᠠᠵᠦ᠂ ᠲᠦᠷᠦᠭᠦᠦ | ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ55. | 26 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠳᠥᠷᠪᠡᠳᠦᠭᠡᠷ ᠲᠤ | ᠣᠷᠣᠵᠦ᠂ ᠠᠳᠠᠯᠢ ᠬᠤᠭᠤᠴᠠᠭᠠᠨ ᠤ ᠬᠢ ᠠᠴᠠ4.8 % ᠪᠠᠷ ᠨᠡᠮᠡᠭᠳᠡᠵᠦ᠂ ᠪᠥᠬᠦ ᠠᠶᠢᠮᠠᠭ ᠤᠨ ᠳᠤᠮᠳᠠᠴᠢ ᠨᠡᠮᠡᠭᠳᠡᠯ | ᠤᠨ ᠬᠤᠷᠳᠤᠴᠠ ᠠᠴᠠ 0.1 ᠵᠠᠭᠤᠨ ᠤ ᠴᠡᠭ ᠥᠨᠳᠥᠷ ᠪᠣᠯᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ | ᠵᠢᠵᠢᠭᠯᠡᠨ ᠪᠣᠷᠣᠯᠠᠭᠤᠯᠬᠤ ᠶᠡᠷᠦᠩᠬᠡᠢ ᠨᠣᠷᠮ᠎ᠠ9.62 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ | ᠪᠠᠷ ᠢᠶᠠᠨ ᠪᠦᠬᠦ ᠠᠶᠢᠮᠠᠭ ᠲᠤ ᠭᠤᠷᠪᠠᠳᠤᠭᠠᠷ ᠲᠤ ᠣᠷᠣᠵᠦ᠂ ᠠᠳᠠᠯᠢ ᠬᠤᠭᠤᠴᠠᠭᠠᠨ ᠤ ᠬᠢ ᠠᠴᠠ 2.3 % ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ 2 ᠳ᠋ᠤᠭᠠᠷ ᠲᠤ ᠣᠷᠣᠵᠠᠢ᠃ ᠪᠥᠬᠦ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ5.6 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ 2 ᠳ᠋ᠤᠭᠠᠷ ᠲᠤ ᠣᠷᠣᠪᠠ᠃ | | 2024 ᠣᠨ ᠤ ᠪᠥᠬᠦ ᠵᠢᠯ ᠤᠨ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠢ ᠪᠥᠬᠦ ᠬᠤᠰᠢᠭᠤ ᠪᠠᠷ | ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠨ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠳᠠᠯᠠᠵᠦ᠂ ᠬᠠᠷᠠᠯᠲᠠ ᠪᠠᠨ ᠭᠤᠶᠢᠪᠢᠰᠢ ᠦᠭᠡᠢ ᠪᠠᠷᠢᠮᠲᠠᠯᠠᠬᠤ᠂ | ᠡᠷᠴᠢ ᠵᠣᠷᠢᠭ ᠢᠶᠠᠨ ᠬᠥᠪᠴᠢᠯᠡᠬᠦ᠂ ᠡᠷᠡᠯᠬᠡᠭ ᠢᠶᠠᠷ ᠤᠷᠤᠭᠰᠢᠯᠠᠬᠤ᠂ ︽ᠳᠠᠪᠠᠭᠤᠯᠢᠭ ᠢᠶᠠᠨ ᠪᠠᠳᠠᠷᠠᠭᠤᠯᠬᠤ | ᠳᠡᠭᠡᠷᠡᠬᠦ᠋ᠴᠦ ᠲᠠᠯᠪᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠢᠲᠡᠭᠡᠯ ᠵᠣᠷᠢᠭ ᠢᠶᠠᠨ ᠬᠥᠪᠴᠢᠯᠡᠨ᠂ | ᠭᠤᠤᠯᠳᠠᠯᠭ᠎ᠠ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠳᠡ ᠶᠢ | ᠲᠥᠷᠭᠡᠥᠠᠭᠡᠵᠤ᠂ᠬᠦᠴᠦᠨ ᠢᠶᠠᠨ ᠲᠥᠪᠯᠡᠷᠡᠭᠦᠯᠦᠨ ᠠᠵᠤ ᠠᠬᠤᠶ ᠶᠢᠨ ᠴᠢᠨᠠᠷ ᠰᠠᠶᠢᠲᠠᠶ ᠳᠠᠪᠠᠯᠲᠠ ᠮᠠᠶ᠋ᠢᠭ ᠤᠨ | ᠬᠥᠭᠵᠢᠯᠲᠡ ᠶᠢ ᠪᠡᠶᠡᠯᠡᠭᠦᠯᠵᠦ ᠪᠠᠶᠢᠨ᠎ᠠ᠃ | |