| ᠬᠠᠶ ᠲᠠᠢ ᠰᠢᠨ᠎ᠡ ᠡᠨᠧᠷᠭᠢ ᠶᠢᠨ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠶᠯ ᠪᠣᠯ ᠰᠢᠯᠤᠭᠤᠨ ᠬᠥᠬᠡ | ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨᠬᠡᠷᠡᠯ ᠴᠡᠨᠡᠭ ᠢᠶᠠᠷ ᠡᠯᠡᠰᠦ ᠶᠢ ᠵᠠᠰᠠᠵᠤ᠂ | ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠲᠤᠬᠠᠶ ᠶᠢᠨ ᠭᠠᠵᠠᠷ ᠤᠨ ᠡᠨᠧᠷᠭᠢ ᠶᠢᠨ | ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠭᠤᠤᠯᠳᠠᠯᠭ᠎ᠠ ᠲᠠᠢ ᠲᠥᠷᠥᠯ ᠵᠦᠶᠯ ᠪᠣᠯᠤᠨ᠎ᠠ᠃ | ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ | ᠠᠵᠢᠯᠳᠠᠨᠠᠵᠢᠯᠴᠢᠳᠶᠠᠭᠠᠷᠠᠯᠳᠠᠢᠠᠵᠢᠯᠯᠠᠵᠣ᠂ᠦᠢᠯᠡᠳᠪᠦᠷᠢ ᠵᠢᠨᠪᠠᠶᠢᠰᠢᠩ ᠢ ᠥᠭᠡᠷᠡᠴᠢᠯᠡᠨ ᠵᠠᠰᠠᠵᠤ᠂ | ᠦᠢᠯᠡᠳᠪᠦᠷᠢᠯᠡᠯ ᠤᠨ ᠱᠤᠭᠤᠮ ᠢ ᠤᠠᠠᠰᠠᠷᠠᠵᠤ ᠪᠠᠶᠢᠯ᠎ᠠ᠃ | ᠲᠥᠷᠥᠯ ᠵᠦᠶᠯ ᠤᠨ ᠡᠵᠡᠯᠡᠬᠦ ᠲᠠᠯᠠᠪᠠᠶ ᠨᠢ ᠪᠠᠷᠤᠭ 9000 ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ | 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠠᠶᠢᠭ᠎ᠠ ᠰᠢᠯᠢ ᠶᠢᠨ ᠭᠤᠤᠯ ᠠᠶᠢᠮᠠᠭ ᠤᠨ | ᠠᠩᠬᠠᠳᠠᠭᠴᠢ ᠬᠡᠷᠡᠯ ᠴᠡᠨᠡᠭ ᠤᠨ ᠲᠣᠨᠣᠭᠯᠠᠯ ᠦᠶᠯᠡᠳᠬᠦ ᠲᠥᠷᠥᠯ ᠵᠦᠶᠯ ᠪᠣᠯᠤᠨ᠎ᠠ᠃ | ᠲᠥᠷᠥᠯ ᠵᠦᠶᠯ ᠤᠨ ᠬᠠᠷᠢᠭᠤᠴᠠᠯᠭᠠᠲᠠᠨ ᠯᠢ ᠢ ᠪᠧᠨ᠄ ᠪᠢᠳᠡ 9 ᠰᠠᠷ᠎ᠠ ᠶᠢᠨ ᠳᠤᠮᠳᠠᠴᠢ ᠪᠠᠷ ᠰᠢᠯᠤᠭᠤᠨ | ᠬᠥᠬᠡ ᠬᠤᠰᠢᠭᠤᠨ ᠳᠤ ᠰᠢᠨᠵᠢᠯᠡᠨ ᠪᠠᠶᠢᠴᠠᠭᠠᠵᠤ ᠭᠡᠷ᠎ᠡ ᠲᠣᠭᠲᠠᠵᠤ᠂ 10 ᠰᠠᠷ᠎ᠠ ᠶᠢᠨ 1 ᠤ ᠡᠳᠦᠷ ᠠᠴᠠ ᠡᠬᠢᠯᠡᠨ | ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ 10 ᠰᠠᠷ᠎ᠠ ᠶᠢᠨ 31 ᠤ ᠡᠳᠦᠷ ᠠᠰᠢᠭᠯᠠᠯᠲᠠ ᠳᠤ ᠣᠷᠣᠭᠤᠯᠬᠤ ᠪᠠᠷ | ᠲᠥᠯᠥᠪᠯᠡᠵᠦ ᠪᠣᠶ᠃ ᠪᠢᠳᠡᠨ ᠤ ᠪᠦᠲᠦᠭᠡᠭᠳᠡᠬᠦᠨ ᠤ ᠴᠢᠨᠠᠷ ᠴᠢᠨᠰᠠᠭ᠎ᠠ᠂ ᠠᠵᠢᠯᠲᠠᠨ ᠤ ᠠᠵᠢᠯᠯᠠᠬᠤ ᠣᠷᠴᠢᠨ | ᠲᠣᠭᠤᠷᠢᠨ ᠪᠠᠲᠤᠯᠠᠭ᠎ᠠ ᠲᠠᠢ ᠰᠠᠶᠢᠨ ᠬᠡᠯᠡ᠃ | ᠲᠣᠰ ᠲᠥᠷᠥᠯ ᠵᠦᠶᠯ ᠢ ᠠᠮᠢ ᠠᠬᠤᠶ ᠶᠢᠨ ᠵᠢᠷᠤᠭ ᠲᠥᠯᠥᠪᠯᠡᠭᠡ᠂ ᠣᠶᠤᠨᠴᠢ ᠦᠶᠯᠡᠳᠬᠡᠯ᠂ ᠪᠣᠬᠢᠷᠲᠤᠯ | ᠥᠬᠡᠶ ᠦᠶᠯᠡᠳᠪᠦᠷᠢ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠶᠣᠰᠣᠭᠠᠷ ᠪᠥᠲᠥᠭᠡᠨ ᠪᠠᠶᠢᠭᠤᠯᠵᠤ᠂ | ᠳᠡᠭᠡᠳᠦ ᠲᠡᠰ ᠤᠨ ᠠᠦ᠋ᠲ᠋ᠣᠴᠢᠯᠠᠭᠰᠠᠨ ᠬᠡᠷᠡᠯ ᠸᠣᠯᠲ ᠤᠨ ᠲᠣᠨᠣᠭᠯᠠᠯ ᠤᠨ ᠦᠶᠯᠡᠳᠪᠦᠷᠢᠯᠡᠯ ᠤᠨ ᠱᠤᠭᠤᠮ ᠢ ᠪᠣᠶ | ᠪᠣᠯᠭᠠᠬᠤ ᠶᠢᠨ ᠬᠠᠮᠲᠤ MES ᠰᠢᠰᠲ᠋ᠧᠮ ᠳᠤ ᠪᠥᠬᠦ ᠲᠠᠯ᠎ᠠ ᠪᠠᠷ ᠣᠷᠣᠭᠤᠯᠵᠤ᠂ ᠦᠶᠯᠡᠳᠪᠦᠷᠢᠯᠡᠯ ᠤᠨ | ᠭᠤᠭᠴᠤᠭ᠎ᠠ ᠳᠤ ᠲᠣᠰ ᠺᠣᠮᠫᠠᠨᠢ ᠶᠢᠨ ᠬᠠᠮᠤᠭ ᠤᠨ ᠰᠢᠨ᠎ᠡ 0 BB ᠤᠷᠠᠯᠠᠯ ᠢ ᠳᠡᠯᠭᠡᠷᠡᠭᠦᠯᠦᠨ ᠬᠡᠷᠡᠭᠯᠡᠵᠦ᠂ ᠬᠡᠷᠡᠯ | ᠲᠤᠰᠬᠠᠬᠤ ᠲᠠᠯᠠᠪᠠᠶ ᠶᠢ ᠨᠡᠮᠡᠭᠳᠡᠭᠦᠯᠦᠨ᠂ ᠦᠶᠯᠡᠳᠬᠦᠨ ᠤ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ | ᠨᠡᠮᠡᠭᠳᠡᠭᠦᠯᠬᠦ ᠳᠠᠪᠠᠭᠤᠯᠢᠭ ᠲᠠᠢ ᠶᠤᠮ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ 150 ᠬᠥᠮᠦᠨ ᠳᠤ | ᠠᠵᠢᠯ ᠤᠯᠭᠤᠵᠤ ᠲᠡᠶᠢᠯᠬᠦ ᠪᠣᠯᠣᠨ᠎ᠠ᠃ | |