ᠲᠤᠮᠤ ᠬᠡᠯᠪᠡᠷᠢ ᠶᠢᠨ ᠪᠠᠷᠢᠮᠲᠠᠲᠤ ᠺᠢᠨᠤ᠋ ︽ᠶᠤᠸᠠᠨ ᠤ ᠳᠡᠭᠡᠳᠦ ᠨᠡᠶᠢᠰᠯᠡᠯ︾᠎ ᠢ ᠲᠥᠪ ᠲᠧᠯᠸᠢᠰ ᠢᠶᠠᠷ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/11/1
      10 ᠰᠠᠷ᠎ᠠ ᠶᠢᠨ 29᠂ 30᠎ ᠤ ᠡᠳᠦᠷ᠂ ᠲᠣᠮᠣ ᠬᠡᠯᠪᠡᠷᠢ ᠶᠢᠨ ᠰᠢᠷᠢᠰ ᠪᠠᠷᠢᠮᠲᠠᠲᠤ ᠺᠢᠨᠣ᠋ ︽ᠬᠥᠮᠦᠨ ᠲᠥᠷᠥᠯᠬᠢᠲᠡᠨ ᠤ ᠳᠤᠷᠠᠰᠤᠮᠵᠢ — ᠳᠤᠮᠳᠠᠳᠤ ᠤᠯᠤᠰ ᠤᠨ ᠳᠡᠯᠡᠬᠡᠶ ᠶᠢᠨ ᠥᠪ︾᠎ ᠤᠨ ︽ᠶᠤᠸᠠᠨ ᠤ ᠳᠡᠭᠡᠳᠦ ᠨᠡᠶᠢᠰᠯᠡᠯ︾ ᠬᠡᠬᠦ ᠹᠢᠯᠢᠮ ᠢ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ CCTV 4᠎ ᠪᠠᠷ ᠨᠡᠪᠳᠡᠷᠡᠭᠦᠯᠦᠯ᠎ᠡ᠃ ᠲᠥᠪ ᠤᠨ ᠸᠢᠳᠢᠣ᠋ ᠳᠠᠪᠴᠠᠩ ᠲᠤᠰ ᠡᠳᠦᠷ ᠠᠩᠬ᠎ᠠ ᠨᠡᠪᠳᠡᠷᠡᠭᠦᠯᠵᠦ᠂ ᠥᠪᠥᠷ ᠮᠣᠩᠭᠤᠯ ᠤᠨ ᠲᠡᠭᠦᠯᠢᠯᠳᠡ ᠬᠠᠮ ᠵᠠᠭᠤᠴᠢᠯᠠᠭᠤᠷ ᠵᠡᠷᠭᠡᠳᠡ ᠨᠡᠪᠳᠡᠷᠡᠭᠦᠯᠦᠭᠰᠡᠨ ᠪᠠᠶᠢᠨ᠎ᠠ᠃ᠪᠠᠷᠢᠮᠲᠠᠲᠤ ᠺᠢᠨᠤ᠋ ︽ᠶᠤᠸᠠᠨ ᠤ ᠳᠡᠭᠡᠳᠦ ᠨᠡᠶᠢᠰᠯᠡᠯ︾᠎ ᠢ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠬᠢᠲᠠᠳ ᠬᠡᠯᠡᠨ ᠤ ᠳᠡᠯᠡᠬᠡᠶ ᠶᠢᠨ ᠫᠷᠤᠭ᠍ᠷᠠᠮ ᠤᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠬᠠᠮᠲᠤᠷᠠᠨ ᠦᠶᠯᠡᠳᠴᠦ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠾᠧᠪᠸᠢ ᠮᠤᠵᠢ ᠶᠢᠨ ᠨᠠᠮ ᠤᠨ ᠬᠤᠷᠢᠶ᠎ᠠ᠂ ᠾᠧᠨᠠᠨ ᠮᠤᠵᠢ ᠶᠢᠨ ᠨᠠᠮ ᠤᠨ ᠬᠤᠷᠢᠶ᠎ᠠ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠪᠠ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠮᠵᠢᠯᠴᠠᠨ ᠰᠡᠭᠦᠳᠡᠷᠯᠡᠵᠡᠶ᠃    ︽ᠬᠥᠮᠦᠨ ᠲᠥᠷᠥᠯᠬᠢᠲᠡᠨ ᠤ ᠳᠤᠷᠠᠰᠤᠮᠵᠢ — ᠳᠤᠮᠳᠠᠳᠤ ᠤᠯᠤᠰ ᠤᠨ ᠳᠡᠯᠡᠬᠡᠢ ᠶᠢᠨ ᠥᠪ︾ ᠪᠠᠷᠢᠮᠳᠠᠳᠤ ᠺᠢᠨᠤ᠋ ᠪᠣᠯ ᠲᠥᠪ ᠤᠨ ᠤᠬᠠᠭᠤᠯᠬᠤ ᠬᠡᠯᠲᠡᠰ ᠤᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ︾᠎ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ᠎ᠠ᠃ ᠡᠭᠦᠨ ᠳᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠳᠡᠯᠡᠬᠡᠢ ᠶᠢᠨ ᠰᠣᠶᠣᠯ ᠤᠨ ᠥᠪ ᠪᠣᠯᠤᠭᠰᠠᠨ ᠤ ᠬᠤᠪᠢ ᠳᠤ ᠲᠤᠰ ᠲᠦᠷᠦᠯ ᠵᠦᠢᠯ ᠳᠤ ᠤᠷᠤᠭᠤᠯᠤᠨ ᠰᠡᠭᠦᠳᠡᠷᠯᠡᠭᠰᠡᠨ ᠪᠠᠶᠢᠨ᠎ᠠ᠃    ︽ᠶᠤᠸᠠᠨ ᠤ ᠳᠡᠭᠡᠳᠦ ᠨᠡᠶᠢᠰᠯᠡᠯ︾ ᠹᠢᠯᠢᠮ ᠨᠢ ᠳᠡᠭᠡᠳᠦ ᠲᠤᠤᠷᠠᠳᠤ ᠬᠤᠶᠠᠷ ᠪᠦᠯᠦᠭ ᠲᠠᠢ ᠪᠠᠶᠢᠵᠦ ᠲᠣᠰᠪᠣᠷᠢ 30 ᠮᠢᠨᠦ᠋ᠲ ᠨᠡᠪᠳᠡᠷᠡᠭᠦᠯᠵᠡᠢ᠃ ᠳᠡᠭᠡᠳᠦ ᠪᠦᠯᠦᠭ ᠲᠤ ︽ᠱᠠᠩᠳᠤ ᠬᠢᠭᠡᠳ ᠳᠠᠶᠢᠳᠤ︾ ︽ᠳᠤᠮᠳᠠᠳᠤ ᠤᠯᠤᠰ ᠬᠢᠭᠡᠳ ᠳᠡᠯᠡᠬᠡᠶ︾᠎ ᠪᠠᠷ ᠭᠤᠤᠯ ᠰᠡᠳᠦᠪ ᠪᠣᠯᠭᠠᠵᠤ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠭᠠᠵᠠᠷ ᠤᠨ ᠪᠠᠶᠢᠴᠠ᠂ ᠪᠠᠶᠢᠷᠢᠰᠢᠭᠤᠯᠤᠯᠲᠠ᠂ ᠪᠠᠷᠢᠯᠭ᠎ᠠ ᠶᠢᠨ ᠬᠡᠪ ᠨᠠᠮᠪᠠ ᠶᠢᠨ ᠲᠤᠭᠤᠷᠢᠨ ᠳᠤ ᠶᠤᠸᠠᠨ ᠤ ᠳᠡᠭᠡᠳᠦ ᠨᠡᠶᠢᠰᠯᠡᠯ ᠎ ᠤᠨ ᠪᠠᠷᠢᠯᠭ᠎ᠠ ᠶᠢᠨ ᠪᠠᠶᠢᠷᠢᠰᠢᠭᠤᠯᠤᠯᠲᠠ ᠬᠢᠭᠡᠳ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠬᠤᠭᠤᠷᠤᠨᠳᠡᠬᠢ ᠨᠢᠭᠲᠠ ᠬᠠᠷᠢᠴᠠᠭ᠎ᠠ ᠶᠢ ᠦᠬᠦᠯᠡᠵᠦ᠂ ᠭᠤᠷᠪᠠᠨ ᠬᠡᠮᠵᠢᠯᠳᠦ ᠬᠦᠳᠡᠯᠭᠡᠭᠡᠨᠳᠦ ᠵᠢᠷᠤᠭ ᠤᠨ ᠬᠡᠯᠪᠡᠷᠢ ᠪᠠᠷ ᠶᠤᠸᠠᠨ ᠤ ᠳᠡᠭᠡᠳᠦ ᠨᠡᠶᠢᠰᠯᠡᠯ ᠤᠨ ᠲᠤᠬᠠᠢ ᠶᠢᠨ ᠦᠶ᠎ᠡ ᠶᠢᠨ ᠠᠤᠭ᠎ᠠ ᠰᠦᠷᠯᠢᠭ ᠥᠩᠭᠡ ᠦᠵᠡᠮᠵᠢ ᠶᠢ ᠰᠡᠷᠭᠦᠭᠡᠨ ᠬᠠᠷᠠᠭᠤᠯᠵᠠᠢ᠃  ᠲᠤᠤᠷᠠᠳᠤ ᠪᠦᠯᠦᠭ ᠲᠤ ︽ᠪᠠᠭᠤᠷᠢ ᠬᠢᠭᠡᠳ ᠬᠠᠮᠠᠭᠠᠯᠠᠯᠲᠠ︾ ︽ᠰᠣᠶᠣᠯ ᠬᠢᠭᠡᠳ ᠤᠯᠠᠮᠵᠢᠯᠠᠯ︾᠎ ᠢᠶᠠᠷ ᠭᠤᠣᠯ ᠰᠡᠳᠦᠪ ᠪᠣᠯᠭᠠᠵᠤ᠂ ᠶᠤᠸᠠᠨ ᠤ ᠳᠡᠭᠡᠳᠦ ᠨᠡᠶᠢᠰᠯᠡᠯ ᠤᠨ ᠤᠷᠠᠯᠢᠭ ᠰᠤᠶᠤᠯ᠂ ᠱᠠᠭᠠᠵᠠᠩ ᠡᠳ᠋ᠯᠡᠯ᠂ ᠰᠢᠨᠵᠢᠯᠡᠬᠦ ᠤᠬᠠᠭᠠᠨ᠂ ᠤᠰᠤᠨ ᠠᠰᠢᠭᠯᠠᠯᠲᠠ᠂ ᠱᠠᠰᠢᠨ ᠰᠤᠷᠲᠠᠬᠤᠨ ᠵᠡᠷᠭᠡ ᠤᠯᠠᠨ ᠡᠰᠢᠲᠦ ᠰᠣᠶᠣᠯ ᠠᠭᠤᠰᠤᠯᠴᠠᠭᠰᠠᠨ ᠬᠤᠳᠠ ᠶᠢᠨ ᠰᠢᠨᠵᠢ ᠴᠢᠨᠠᠷ ᠢ ᠭᠤᠣᠯᠳᠠᠯᠭ᠎ᠠ ᠲᠠᠢ ᠥᠭᠦᠯᠡᠵᠦ᠂ ᠲᠠᠯ᠎ᠠ ᠨᠤᠲᠤᠭ ᠤᠨ ᠰᠣᠶᠣᠯ ᠪᠣᠯᠤᠨ ᠲᠠᠷᠢᠶᠠᠯᠠᠬᠤ ᠰᠣᠶᠣᠯ ᠤᠨ ᠠᠭᠤᠰᠤᠯᠴᠠᠯ ᠢ ᠬᠠᠷᠠᠭᠤᠯᠤᠨ᠂ ᠶᠤᠸᠠᠨ ᠤ ᠳᠡᠭᠡᠳᠦ ᠨᠡᠶᠢᠰᠯᠡᠯ ᠪᠣᠯᠤᠨ ᠪᠡᠭᠡᠵᠢᠩ᠂ ᠴᠢᠤᠸᠠᠨᠵᠸᠤ᠂ ᠵᠢᠩ ᠳ᠋ᠧ ᠵᠧᠨ ᠵᠢᠴᠢ ᠮᠠᠷᠺᠤ ᠫᠣᠯᠣ ᠶᠢᠨ ᠬᠠᠷᠢᠴᠠᠭ᠎ᠠ ᠪᠠᠷ ᠳᠠᠮᠵᠢᠭᠤᠯᠤᠨ ᠶᠤᠸᠠᠨ ᠤ ᠳᠡᠭᠡᠳᠦ ᠨᠡᠶᠢᠰᠯᠡᠯ ᠤᠨ ᠣᠨᠴᠠᠭᠠᠢ ᠮᠦᠷᠳᠡᠭᠡᠨ ᠴᠢᠬᠤᠯᠠ ᠲᠡᠦᠬᠡ᠂ ᠰᠣᠶᠣᠯ᠂ ᠰᠢᠨᠵᠢᠯᠡᠬᠦ ᠤᠬᠠᠭᠠᠨ᠂ ᠤᠷᠠᠯᠢᠭ ᠤᠨ ᠦᠨ᠎ᠡ ᠦᠷᠳᠡᠭ ᠢ ᠳᠡᠯᠭᠡᠨ ᠦᠵᠡᠭᠦᠯᠦᠭᠰᠡᠨ ᠪᠠᠶᠢᠨ᠎ᠠ᠃    ᠲᠣᠰ ᠪᠠᠷᠢᠮᠲᠠᠲᠤ ᠺᠢᠨᠣ᠋ ᠶᠢ ᠣᠯᠠᠨ ᠤᠯᠤᠰ ᠵᠢᠴᠢ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠶ ᠮᠡᠷᠭᠡᠵᠢᠯᠲᠡᠨ ᠤ ᠤᠷᠤᠯᠴᠠᠯᠭ᠎ᠠ ᠲᠠᠢ ᠪᠠᠷ ᠲᠦᠰᠦᠪᠯᠡᠵᠦ᠂ ᠲᠤᠰᠬᠠᠶ ᠮᠡᠷᠭᠡᠵᠢᠯ ᠤᠨ ᠪᠦᠯᠬᠦᠮ ᠠᠴᠠ ᠤᠨᠴᠠ ᠲᠣᠳᠣ ᠮᠡᠷᠭᠡᠵᠢᠯ ᠢ ᠠᠰᠢᠭᠯᠠᠨ᠂ ᠭᠠᠳᠠᠷ ᠦᠵᠡᠮᠵᠢ ᠰᠠᠭᠦᠳᠡᠷᠯᠡᠬᠦ᠂ ᠭᠤᠷᠪᠠᠨ ᠬᠡᠮᠵᠢᠯᠳᠦ ᠬᠦᠳᠡᠯᠭᠡᠭᠡᠨᠳᠦ ᠵᠢᠷᠤᠭ ᠤᠨ ᠰᠡᠷᠭᠦᠭᠡᠯᠲᠡ᠂ ᠪᠦᠬᠦ ᠦᠵᠡᠮᠵᠢ ᠶᠢᠨ ᠦᠵᠡᠭᠦᠯᠦᠯᠭᠡ ᠵᠡᠷᠭᠡ ᠲᠡᠷᠢᠭᠦᠨ ᠤ ᠠᠷᠭ᠎ᠠ ᠪᠠᠷᠢᠯ ᠢ ᠠᠰᠢᠭᠯᠠᠨ ᠨᠠᠷᠢᠯᠢᠭ ᠰᠡᠭᠦᠳᠡᠷᠯᠡᠨ ᠦᠢᠯᠡᠳᠴᠦ᠂ ᠶᠤᠸᠠᠨ ᠤ ᠳᠡᠭᠡᠳᠦ ᠨᠡᠶᠢᠰᠯᠡᠯ ᠤᠨ ᠪᠦᠬᠦᠶᠢᠯᠡ ᠦᠵᠡᠭᠳᠡᠯ ᠢ ᠪᠠᠭᠳᠠᠭᠠᠨ ᠰᠦᠷᠯᠢᠭ ᠲᠦᠷᠬᠦ ᠶᠢ ᠬᠦᠨᠵᠡᠭᠡᠢ ᠬᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠴᠢᠳ ᠲᠤ ᠳᠤᠮᠳᠠᠳᠤ ᠤᠯᠤᠰ ᠤᠨ ᠳᠡᠯᠡᠬᠡᠶ ᠶᠢᠨ ᠥᠪ ᠢ ᠤᠶᠢᠯᠠᠭᠠᠭᠤᠯᠵᠤ᠂ ᠳᠡᠯᠡᠬᠡᠶ ᠶᠢᠨ ᠥᠪ ᠤᠨ ᠰᠢᠨ᠎ᠡ ᠠᠮᠢᠵᠢᠷᠠᠯ ᠤᠨ ᠬᠦᠴᠦᠨ ᠢ ᠠᠭᠤᠳᠠᠯᠤᠨ᠂ ᠡᠭᠦᠪᠡᠷ ᠳᠠᠮᠵᠢᠭᠤᠯᠤᠨ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠠᠭᠤᠯᠤᠭᠳᠠᠵᠤ ᠪᠠᠶᠢᠭ᠎ᠠ ᠣᠯᠠᠨ ᠦᠨᠳᠦᠰᠦᠲᠡᠨ ᠬᠠᠮᠲᠤ ᠪᠠᠷ ᠤᠷᠤᠰᠢᠨ ᠲᠤᠭᠳᠠᠨᠢᠭᠰᠠᠨ ᠲᠡᠦᠬᠡ ᠶᠢ ᠬᠠᠮᠠᠭᠠᠯᠠᠨ ᠤᠯᠠᠮᠵᠢᠯᠠᠵᠤ ᠨᠡᠩ ᠴᠢᠨᠠᠭᠰᠢᠳᠠ ᠬᠦᠭᠵᠢᠬᠦᠯᠦᠨ᠂ ᠣᠯᠠᠨ ᠤᠯᠤᠰ ᠤᠨ ᠬᠤᠭᠤᠷᠣᠨᠳᠣᠬᠢ ᠰᠤᠯᠢᠯᠴᠠᠭ᠎ᠠ ᠬᠠᠷᠢᠯᠴᠠᠭ᠎ᠠ ᠶᠢ ᠠᠬᠢᠭᠤᠯᠬᠤ ᠎ ᠪᠠᠷ ᠪᠠᠷᠠᠬᠤ ᠦᠭᠡᠢ ᠳᠡᠯᠡᠬᠡᠶ ᠶᠢᠨ ᠥᠪ ᠤᠨ ᠲᠣᠮᠣ ᠤᠯᠤᠰ ᠪᠣᠯᠤᠭᠰᠠᠨ ᠤ ᠬᠤᠪᠢ ᠳᠤ ᠳᠤᠮᠳᠠᠳᠤ ᠤᠯᠤᠰ ᠤᠨ ᠬᠠᠷᠢᠭᠤᠴᠠᠯᠭ᠎ᠠ ᠪᠠ ᠡᠭᠦᠷᠭᠡᠯᠡᠯ ᠢ ᠳᠤᠳᠤ ᠬᠠᠷᠠᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号