ᠯᠢᠦᠶ ᠢᠥᠢ ᠰᠢᠨ ᠪᠣᠯ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠤᠯᠤᠨ᠎ᠠ᠃ ᠲᠦᠯᠦᠭᠡᠯᠡᠭᠴᠢ ᠪᠠᠷ ᠰᠤᠩᠭᠤᠭᠳᠠᠭᠰᠠᠨ | ᠤ ᠳᠠᠷᠠᠭ᠎ᠠ ᠳᠡᠷᠡ ᠦᠷᠬᠦᠯᠵᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ ᠬᠠᠮᠳᠤ ᠪᠠᠷ ᠪᠠᠶᠠᠵᠢᠬᠤ ᠠᠷᠭ᠎ᠠ | ᠵᠠᠮ ᠰᠦᠪᠡᠭᠴᠢᠯᠡᠨ᠂ ᠣᠯᠠᠨ ᠲᠦᠮᠡᠨ ᠤ ᠰᠠᠶᠢᠰᠢᠶᠠᠯ ᠢ ᠣᠯᠤᠭᠰᠠᠭᠠᠷ ᠢᠷᠡᠵᠡᠶ᠃ ᠲᠡᠷᠡ ᠬᠡᠯᠡᠬᠦ ᠳᠡᠭᠡᠨ᠄ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠨᠢ ᠨᠢᠭᠡᠨ ᠢᠷᠠᠭᠤ | ᠠᠯᠳᠠᠷᠳᠤ ᠡᠭᠦᠷᠭᠡ ᠪᠠᠶᠢᠵᠦ᠂ ᠬᠤᠶᠢᠰᠢᠳᠠ ᠣᠯᠠᠨ ᠤ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠤᠯᠠᠮ ᠴᠢᠷᠮᠠᠶᠢᠨ | ᠠᠵᠢᠯᠯᠠᠵᠤ᠂ ᠲᠤᠰᠬᠤᠨ ᠤ ᠲᠠᠷᠢᠶᠠᠴᠢᠳ ᠲᠠᠢ ᠬᠠᠮᠲᠤ ᠪᠠᠷ ᠪᠡᠶᠡᠵᠢᠨ ᠴᠢᠨᠡᠭᠡᠯᠢᠭᠵᠢᠵᠦ᠂ ᠲᠥᠯᠥᠭᠡᠯᠡᠭᠴᠢᠳ ᠤᠨ | ᠦᠶᠯᠡᠳᠦᠯ ᠢ ᠭᠦᠶᠴᠡᠳ ᠪᠠᠳᠠᠷᠠᠭᠤᠯᠬᠤ ᠪᠠᠷ ᠴᠢᠷᠮᠠᠶᠢᠨ᠎ᠠ ᠭᠡᠯᠡ᠃ | ᠳᠠᠪᠦ ᠨᠢᠭᠡ ᠮᠠᠯᠵᠢᠯ ᠤᠨ ᠳᠠᠯᠠᠪᠠᠢ ᠶᠢᠨ ᠤᠯᠠᠭᠠᠨ᠎ᠠ ᠶᠢᠨ ᠬᠦᠷᠢᠶᠡᠯᠡᠩ ᠳᠤ᠂ ᠬᠦᠷᠡᠩ ᠤᠯᠠᠭᠠᠨ ᠦᠩᠭᠡ ᠲᠠᠢ | ᠰᠣᠷᠭᠤᠭ ᠰᠠᠶᠢᠬᠠᠨ ᠵᠢᠮᠢᠰ ᠰᠠᠯᠠᠭ᠎ᠠ ᠨᠠᠮᠠᠭᠠᠨ ᠳᠤᠨᠢ ᠳᠠᠭᠠᠭᠠᠭᠳᠠᠬᠤ ᠦᠭᠡᠢ ᠪᠤᠯᠳᠠᠯ᠎ᠠ ᠰᠠᠭᠤᠵᠤ ᠱᠢᠷᠦᠨ | ᠤᠨᠵᠢᠯᠠᠭ᠎ᠠ ᠡᠯᠭᠦᠭᠰᠡᠨ ᠮᠡᠳᠦ ᠬᠠᠷᠠᠭᠳᠠᠨ᠎ᠠ᠃ ᠵᠢᠮᠢᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠯᠢᠦᠶ ᠢᠦᠢ ᠰᠢᠨ | ᠤ ᠬᠡᠯᠡᠬᠦ ᠪᠠᠷ᠂ ᠤᠯᠠᠭᠠᠨ᠎ᠠ ᠶᠢ ᠬᠦᠮᠦᠰ ᠪᠠᠰᠠ ︽ᠺᠠᠯᠼᠳᠤ ᠵᠢᠮᠢᠰ︾ ᠭᠡᠳᠡᠭ᠂ ᠤᠴᠢᠷ ᠨᠢ ᠤᠯᠠᠭᠠᠨ᠎ᠠ ᠳᠤ ᠵᠢᠮᠢᠰ | ᠤᠨ ᠬᠦᠴᠢᠯ ᠤᠨ ᠺᠠᠯᠼ ᠡᠯᠪᠡᠭ ᠠᠭᠤᠯᠤᠭᠳᠠᠳᠠᠭ ᠪᠠᠶᠢᠵᠦ ᠪᠤᠰᠤᠳ ᠵᠢᠮᠢᠰ ᠤᠨ ᠲᠦᠷᠦᠯ ᠲᠠᠢ ᠬᠠᠷᠢᠴᠠᠭᠤᠯᠪᠠᠯ | ᠺᠠᠯᠼ ᠤᠨ ᠠᠭᠤᠯᠤᠭᠳᠠᠴᠠ ᠪᠠᠷ ᠬᠠᠷᠢᠴᠠᠩᠭᠤᠢ ᠥᠨᠳᠥᠷ ᠪᠠᠶᠢᠳᠠᠭ ᠭᠡᠵᠦ ᠲᠠᠨᠢᠯᠴᠠᠭᠤᠯᠤᠯ᠎ᠠ᠃ | ᠶᠠᠷᠢᠯᠴᠠᠭᠠᠨ ᠤ ᠳᠤᠮᠳᠠ ᠯᠢᠦᠢ ᠢᠦᠢ ᠰᠢᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠤᠯᠤᠭᠰᠠᠳ ᠠᠷᠠᠳ ᠲᠦᠮᠡᠨ ᠤ ᠲᠥᠯᠥᠭᠡ ᠦᠭᠡ ᠶᠠᠷᠢᠵᠦ᠂ ᠠᠷᠠᠳ ᠲᠦᠮᠡᠨ ᠤ ᠲᠥᠯᠥᠭᠡ ᠠᠵᠢᠯ | ᠶᠠᠪᠤᠳᠠᠯ ᠬᠢᠨ᠂ ᠳᠡᠳᠡᠨ ᠤ ᠬᠦᠴᠢᠷ ᠲᠦᠪᠡᠭ ᠢ ᠬᠠᠪᠰᠤᠷᠤᠨ ᠰᠢᠢᠳᠪᠦᠷᠢᠯᠡᠵᠦ ᠦᠭᠭᠦ ᠬᠡᠷᠡᠭᠲᠡᠢ︾ ᠭᠡᠵᠦ ᠪᠠᠶᠢᠯ᠎ᠠ᠃ | 2012 ᠣᠨ ᠠᠴᠠ ᠡᠬᠢᠯᠡᠨ᠂ ᠯᠢᠦᠢ ᠢᠦᠢ ᠰᠢᠨ ᠬᠦᠷᠦᠰᠦ ᠰᠢᠷᠤᠢ ᠶᠢᠨ ᠡᠬᠢ ᠪᠠᠶᠠᠯᠢᠭ ᠪᠣᠯᠤᠨ ᠣᠷᠴᠢᠨ | ᠲᠣᠭᠤᠷᠢᠨ ᠤ ᠨᠥᠬᠦᠴᠡᠯ ᠢ ᠦᠨᠳᠦᠰᠦᠯᠡᠨ ᠲᠤᠬᠠᠢ ᠶᠢᠨ ᠭᠠᠵᠠᠷ ᠲᠤ ᠲᠤᠬᠢᠷᠠᠬᠤ ᠲᠠᠷᠢᠮᠠᠯ — ᠤᠯᠠᠭᠠᠨ᠎ᠠ ᠶᠢ | ᠰᠤᠩᠭᠤᠨ ᠳᠠᠷᠢᠵᠦ ᠪᠤᠶᠢᠵᠢᠭᠤᠯᠵᠠᠢ᠃ ᠤᠯᠠᠭᠠᠨ᠎ᠠ ᠨᠢ ᠬᠦᠢᠲᠡᠨ ᠳᠤ ᠲᠡᠰᠪᠦᠷᠢᠲᠡᠶ ᠪᠣᠳᠠ ᠮᠣᠳᠣᠨ ᠤ ᠲᠥᠷᠥᠯ | ᠪᠤᠯᠬᠤᠷ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠴᠢᠳᠠᠪᠤᠷᠢ ᠲᠠᠢ᠃ ᠡᠯᠡᠰᠦᠷᠭᠡᠭᠵᠢᠭᠰᠡᠨ | ᠪᠡᠯᠴᠢᠭᠡᠷ ᠲᠤ ᠤᠯᠠᠭᠠᠨ᠎ᠠ ᠳᠠᠷᠢᠪᠠᠯ ᠰᠠᠯᠬᠢ ᠡᠯᠡᠰᠦᠨ ᠤ ᠢᠳᠡᠭᠳᠡᠯ ᠢ ᠪᠦᠲᠦᠮᠵᠢᠲᠡᠶ ᠬᠤᠷᠢᠭᠯᠠᠵᠤ᠂ ᠠᠮᠢ ᠠᠬᠤᠶ ᠶᠢ | ᠬᠠᠮᠠᠭᠠᠯᠠᠬᠤ ᠪᠠᠷ ᠪᠠᠷᠠᠬᠤ ᠦᠭᠡᠢ ᠵᠢᠮᠢᠰ ᠢᠶᠠᠷ ᠨᠢ ᠰᠢᠨ᠎ᠡ ᠰᠣᠷᠭᠤᠭ ᠢᠳᠡᠭᠡᠨ᠂ ᠵᠢᠮᠢᠰ ᠤᠨ ᠬᠠᠲᠠᠭᠠᠮᠠᠯ᠂ | ᠤᠮᠳᠠᠭᠠᠨ᠂ ᠵᠢᠮᠢᠰ ᠤᠨ ᠠᠷᠢᠬᠢ ᠵᠡᠷᠭᠡ ᠬᠢᠵᠦ ᠪᠤᠯᠳᠠᠭ ᠠᠴᠠ ᠮᠠᠰᠢ ᠦᠷᠭᠡᠨ ᠵᠠᠬ᠎ᠠ ᠳᠡᠯᠭᠡᠭᠦᠷ ᠤᠨ ᠤᠷᠤᠨ ᠵᠠᠢ | ᠲᠠᠢ ᠪᠠᠶᠢᠵᠦ ᠠᠮᠢ ᠠᠬᠤᠢ ᠠᠵᠤ ᠠᠬᠤᠢ ᠶᠢᠨ ᠬᠤᠤᠰ ᠦᠷ᠎ᠡ ᠠᠰᠢᠭ ᠲᠠᠢ ᠪᠠᠶᠢᠳᠠᠭ᠃ ᠯᠢᠦᠶ ᠢᠦᠢ ᠰᠢᠨ ᠤᠷᠢᠳ | ᠬᠤᠵᠢᠳ ᠨᠡᠶᠢᠳᠡ 300 ᠭᠠᠷᠤᠶ ᠮᠥ ᠤᠯᠠᠭᠠᠨ᠎ᠠ ᠳᠠᠷᠢᠵᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠰᠡᠷᠭᠦᠭᠡᠨ᠂ | ᠬᠥᠷᠥᠰᠥ ᠰᠢᠷᠣᠶ ᠶᠢᠨ ᠪᠦᠲᠦᠴᠡ ᠶᠢ ᠰᠠᠶᠢᠵᠢᠷᠠᠭᠤᠯᠵᠤ᠂ ᠲᠠᠷᠢᠶᠠᠯᠠᠩ ᠤᠨ ᠦᠶᠯᠡᠳᠪᠦᠷᠢᠯᠡᠯ ᠪᠠ ᠠᠮᠢ ᠠᠬᠤᠶ | ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠤᠭᠰᠠᠨ ᠪᠠᠶᠢᠨ᠎ᠠ᠃ | ᠯᠢᠦᠶ ᠢᠦᠢ ᠰᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ | ᠰᠣᠩᠭᠤᠭᠳᠠᠭᠰᠠᠨ ᠤ ᠳᠠᠷᠠᠭ᠎ᠠ ᠥᠪᠡᠷ ᠢ ᠪᠠᠨ ᠴᠢᠩᠭ᠎ᠠ ᠱᠠᠭᠠᠷᠳᠠᠵᠤ᠂ ᠰᠤᠷᠤᠯᠴᠠᠯᠭ᠎ᠠ ᠪᠠᠨ ᠴᠢᠩᠭᠠᠳᠬᠠᠨ᠂ | ᠪᠠᠶᠠᠵᠢᠯ ᠤᠨ ᠳᠠᠭᠠᠭᠤᠯᠤᠭᠴᠢ᠂ ᠮᠡᠷᠭᠡᠵᠢᠯ ᠤᠨ ᠲᠠᠶᠢᠴᠢᠯᠠᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ | ᠲᠠᠷᠢᠶᠠᠴᠢᠳ ᠲᠤ ᠤᠯᠠᠭᠠᠨ᠎ᠠ ᠳᠠᠷᠢᠬᠤ ᠶᠢ ᠢᠳᠡᠪᠬᠢᠲᠡᠶ ᠤᠬᠠᠭᠤᠯᠬᠤ ᠶᠢᠨ ᠬᠠᠮᠳᠤ ᠲᠤᠷᠰᠢᠯᠭ᠎ᠠ ᠪᠠᠨ ᠬᠤᠪᠢᠶᠠᠯᠴᠠᠵᠤ᠂ | ᠣᠯᠠᠨ ᠲᠦᠮᠡᠨ ᠢ ᠵᠢᠯᠤᠭᠤᠳᠤᠨ ᠠᠵᠤ ᠦᠶᠯᠡᠰ ᠤᠨ ᠬᠦᠭᠵᠢᠯᠳᠡ ᠶᠢᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ | ᠳᠡᠷᠡ ᠡᠯ᠎ᠡ ᠦᠨᠳᠦᠰᠦᠲᠡᠨ ᠤ ᠣᠯᠠᠨ ᠲᠦᠮᠡᠨ ᠢ ᠬᠠᠮᠲᠤ ᠳᠤᠨᠢ ᠳᠠᠶᠢᠴᠢᠯᠠᠨ᠂ ᠦᠨᠳᠦᠰᠦᠲᠡᠨ ᠤ ᠪᠦᠯᠬᠦᠮᠳᠡᠯ ᠤᠨ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠤ᠂ ᠬᠠᠮᠲᠤ ᠪᠠᠷ ᠬᠥᠳᠡᠯᠮᠦᠷᠢᠯᠡᠬᠦ᠂ ᠲᠤᠷᠰᠢᠯᠭ᠎ᠠ ᠪᠠᠨ | ᠰᠣᠯᠢᠯᠴᠠᠬᠤ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠶᠢ ᠠᠬᠢᠭᠤᠯᠤᠭᠰᠠᠨ | ᠪᠠᠶᠢᠨ᠎ᠠ᠃ | ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠠᠭᠠᠨ᠎ᠠ ᠶᠢᠨ ᠬᠦᠷᠢᠶᠡᠯᠡᠩ ᠤᠨ ᠬᠠᠷᠢᠭᠤᠴᠠᠯᠭᠠᠲᠠᠨ ᠯᠢᠦᠶ ᠢᠦᠢ ᠰᠢᠨ᠄ ︽ᠪᠢ 2011 ᠣᠨ ᠠᠴᠠ ᠡᠬᠢᠯᠡᠨ | ᠤᠯᠠᠭᠠᠨ᠎ᠠ ᠳᠠᠷᠢᠭᠠᠳ ᠨᠢᠭᠡᠨᠲᠡ ᠠᠷᠪᠠᠭᠠᠳ ᠵᠢᠯ ᠪᠣᠯᠵᠠᠶ᠃ ᠤᠯᠠᠭᠠᠨ᠎ᠠ ᠨᠢ ᠠᠮᠢ ᠠᠬᠤᠶ ᠪᠠ ᠠᠵᠤ ᠠᠬᠤᠢ ᠶᠢᠨ | ᠬᠤᠤᠰ ᠦᠷ᠎ᠡ ᠠᠰᠢᠭ ᠲᠠᠢ ᠪᠠᠶᠢᠵᠦ᠂ ᠠᠮᠢ ᠠᠬᠤᠶ ᠶᠢ ᠬᠠᠮᠠᠭᠠᠯᠠᠬᠤ ᠶᠢᠨ ᠵᠡᠷᠭᠡᠳᠡ ᠠᠵᠤ ᠠᠬᠤᠶ ᠶᠢᠨ ᠤᠷᠤᠯᠭ᠎ᠠ | ᠶᠢ ᠨᠡᠮᠡᠭᠳᠡᠭᠦᠯᠵᠦ ᠪᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ | ᠤ ᠬᠤᠪᠢ ᠳᠤ᠂ ᠪᠢ ᠨᠠᠮ ᠢᠶᠠᠨ ᠳᠠᠭᠠᠵᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠤᠨ ᠤᠷᠢᠶᠠᠯᠠᠭ᠎ᠠ ᠪᠠᠷ ᠪᠥᠬᠦ | ᠬᠦᠴᠦᠨ ᠢᠶᠠᠷ ᠢᠶᠠᠨ ᠴᠢᠷᠮᠠᠶᠢᠵᠤ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠪᠠᠷ ᠴᠢᠷᠮᠠᠶᠢᠨ᠎ᠠ︾ | ᠭᠡᠯᠡ᠃ | ᠦᠨᠳᠦᠰᠦᠨ ᠱᠠᠲᠤᠨ ᠤ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠡᠭᠦᠷᠭᠡ ᠲᠤᠰᠢᠶᠠᠯ ᠢᠶᠠᠨ | ᠰᠠᠶᠢᠳᠤᠷ ᠭᠦᠢᠴᠡᠳᠬᠡᠬᠦ ᠶᠢ ᠳᠡᠷᠢᠭᠦᠨ ᠳᠤ ᠳᠠᠯᠪᠢᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ | ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠶᠢ ᠵᠤᠷᠢᠳᠠᠭ᠃ ᠲᠡᠷᠡ᠄ ︽ᠳᠠᠪᠦ ᠨᠢᠭᠡ ᠮᠠᠯᠵᠢᠯ ᠤᠨ ᠳᠠᠯᠠᠪᠠᠢ ᠳᠤ | ᠳᠦᠷᠦᠵᠦ ᠦᠰᠦᠭᠰᠡᠨ ᠬᠦᠮᠦᠨ ᠤ ᠬᠤᠪᠢ ᠳᠤ ᠪᠢ ᠨᠤᠳᠤᠭ ᠤᠨ ᠤᠯᠠᠨ ᠢᠶᠠᠨ ᠳᠠᠭᠠᠭᠤᠯᠤᠨ ᠬᠠᠮᠲᠤ ᠪᠠᠷ ᠪᠡᠶᠡᠵᠢᠨ | ᠴᠢᠨᠡᠭᠡᠯᠢᠭᠵᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠭᠦᠷᠭᠡ | ᠲᠤᠰᠢᠶᠠᠯ ᠢᠶᠠᠨ ᠰᠠᠶᠢᠳᠤᠷ ᠪᠡᠶᠡᠯᠡᠭᠦᠯᠦᠨ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠯᠡ᠃ | |