ᠰᠢᠯᠤᠭᠤᠨ ᠬᠥᠬᠡ ᠬᠤᠰᠢᠭᠤ ᠴᠠᠭᠠᠨ ᠢᠳᠡᠭᠡᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/1
     10 ᠰᠠᠷ᠎ᠠ ᠶᠢᠨ 27 ᠤ ᠡᠳᠦᠷ᠂ ᠴᠠᠭᠠᠨ ᠢᠳᠡᠭᠡᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠵᠤᠭᠤᠭ ᠤᠨ ᠦᠷᠦᠭᠡᠨ ᠳᠤ ᠶᠠᠪᠤᠭᠳᠠᠪᠠ᠃ ᠲᠤᠰ ᠤᠳᠠᠭᠠᠨ  ᠤ ᠠᠵᠢᠯᠯᠠᠭ᠎ᠠ ᠶᠢ ᠥᠪᠥᠷ ᠮᠣᠩᠭᠤᠯ ᠤᠨ ᠰᠢ ᠪᠸᠢ ᠡᠾᠦ᠋ᠢ ᠲᠦᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠡᠷᠬᠢᠯᠡᠵᠦ᠂ ᠬᠤᠯᠠᠨᠳ᠋ ᠤᠯᠤᠰ ᠤᠨ ᠴᠠᠭᠠᠨ ᠢᠳᠡᠭᠡᠨ ᠤ ᠮᠡᠷᠭᠡᠵᠢᠯᠲᠡᠨ ᠪᠣᠯᠤᠨ ᠰᠢᠯᠤᠭᠤᠨ ᠬᠥᠬᠡ ᠬᠤᠰᠢᠭᠤᠨ ᠤ ᠰᠦᠨ ᠤ ᠦᠢᠯᠡᠰ ᠤᠨ ᠨᠡᠶᠢᠭᠡᠮᠯᠢᠭ ᠤᠨ ᠠᠵᠢᠯᠲᠠᠳ ᠤᠷᠤᠯᠴᠠᠵᠠᠢ᠃     ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠭᠤᠴᠤ ᠰᠠᠶᠢᠬᠠᠨ ᠲᠣᠭᠯᠠᠯᠲᠠ ᠪᠠᠷ  ᠢᠶᠠᠨ ᠠᠵᠢᠯᠯᠠᠭ᠎ᠠ ᠶᠢ ᠡᠬᠢᠯᠡᠭᠦᠯᠵᠦ᠂ ᠠᠬᠤᠢ ᠳᠠᠯᠠᠪᠠᠢ ᠳᠤ ᠳᠡᠯᠭᠡᠨ ᠳᠠᠯᠪᠢᠭᠰᠠᠨ ᠧᠦ᠋ᠷᠣᠫᠠ ᠮᠠᠶ᠋ᠢᠭ ᠤᠨ ᠴᠠᠭᠠᠨ ᠢᠳᠡᠭᠡᠨ ᠪᠤᠯᠤᠨ ᠤᠷᠤᠨ ᠨᠤᠳᠤᠭ ᠤᠨ ᠣᠨᠴᠠᠯᠢᠭ ᠲᠠᠢ ᠴᠠᠭᠠᠨ ᠢᠳᠡᠭᠡᠨ ᠨᠢ ᠬᠤᠷᠠᠭᠰᠠᠨ ᠤᠯᠠᠨ ᠤ ᠨᠢᠳᠦ ᠶᠢ ᠬᠤᠵᠢᠷᠯᠠᠵᠤ ᠪᠠᠶᠢᠯ᠎ᠠ᠃     ᠰᠣᠯᠢᠯᠴᠠᠭᠠᠨ ᠤ ᠶᠠᠪᠤᠴᠠ ᠳᠤ᠂ ᠬᠤᠯᠠᠨᠳ᠋ ᠤᠨ Ante B.V.ᠺᠣᠮᠫᠠᠨᠢ᠂ ᠬᠤᠯᠠᠨᠳ᠋ ᠤᠨ CRV ᠰᠠᠭᠠᠯᠢ  ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠺᠣᠮᠫᠠᠨᠢ ᠶᠢᠨ ᠲᠤᠰᠬᠠᠶ ᠮᠡᠷᠭᠡᠵᠢᠯᠲᠡᠳ ᠠᠴᠠ ᠬᠤᠯᠠᠨᠳ᠋ ᠤᠨ ᠴᠠᠭᠠᠨ ᠢᠳᠡᠭᠡᠨ ᠤ ᠲᠡᠦᠬᠡᠨ ᠰᠤᠷᠪᠤᠯᠵᠢ᠂ ᠤᠷ᠎ᠠ ᠮᠡᠷᠭᠡᠵᠢᠯ ᠵᠢᠴᠢ ᠠᠳᠠᠯᠢ ᠪᠤᠰᠤ ᠲᠥᠷᠥᠯ ᠤᠨ ᠴᠠᠭᠠᠨ ᠢᠳᠡᠭᠡᠨ ᠤ ᠣᠨᠴᠠᠯᠢᠭ ᠢ ᠨᠠᠷᠢᠨ ᠲᠠᠨᠢᠯᠴᠠᠭᠤᠯᠵᠤ᠂ ᠰᠢᠯᠤᠭᠤᠨ ᠬᠥᠬᠡ ᠬᠤᠰᠢᠭᠤᠨ ᠤ ᠰᠢ ᠪᠸᠢ ᠲᠠᠯ᠎ᠠ ᠨᠤᠲᠤᠭ ᠤᠨ ᠴᠠᠭᠠᠨ ᠢᠳᠡᠭᠡᠨ ᠤ ᠰᠠᠭᠤᠷᠢᠨ ᠭᠠᠵᠠᠷ᠂ ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ  ᠶᠢᠨ ᠬᠢᠨ ᠰᠢᠯᠤᠭᠤᠨ ᠬᠥᠬᠡ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠲᠤᠭᠤᠷᠢᠨ ᠳᠤ ᠶᠠᠷᠢᠯᠴᠠᠯᠭ᠎ᠠ ᠦᠷᠨᠢᠬᠦᠯᠵᠦ᠂ ᠬᠠᠮᠳᠤᠪᠠᠷ ᠴᠠᠭᠠᠨ ᠢᠳᠡᠭᠡᠨ ᠤ ᠠᠵᠤ ᠦᠶᠯᠡᠰ ᠤᠨ ᠬᠥᠭᠵᠢᠯᠲᠡ ᠶᠢᠨ ᠬᠠᠨᠳᠤᠰᠢ᠂ ᠵᠠᠬ᠎ᠠ ᠳᠡᠯᠭᠡᠭᠦᠷ  ᠤᠨ ᠬᠡᠷᠡᠭᠴᠡᠭᠡ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠭᠰᠠᠨ ᠪᠠᠶᠢᠨ᠎ᠠ᠃     ᠬᠤᠯᠠᠨᠳ᠋ ᠤᠨ Ante B.V. ᠺᠣᠮᠫᠠᠨᠢ ᠨᠢ ᠰᠦᠨ ᠤ ᠦᠢᠯᠡᠰ ᠤᠨ ᠬᠦᠷᠢᠶᠡᠨ ᠳᠠᠬᠢ ᠪᠠᠶᠠᠯᠢᠭ ᠲᠤᠷᠰᠢᠯᠭ᠎ᠠ ᠪᠦᠬᠦᠢ ᠠᠵᠤ ᠠᠬᠤᠶᠢᠯᠠᠯ ᠪᠣᠯᠤᠭᠰᠠᠨ ᠤ ᠬᠤᠪᠢ ᠳᠤ ᠪᠦᠬᠦ ᠪᠥᠮᠪᠥᠷᠴᠡᠭ ᠤᠨ ᠴᠠᠭᠠᠨ ᠢᠳᠡᠭᠡᠨ ᠤ ᠰᠣᠶᠣᠯ ᠤᠨ ᠬᠥᠭᠵᠢᠯᠲᠡ ᠳᠤ ᠵᠤᠬᠢᠬᠤ ᠬᠤᠪᠢ ᠨᠡᠮᠡᠷᠢ ᠦᠵᠡᠭᠦᠯᠦᠭᠰᠡᠭᠡᠷ ᠢᠷᠡᠵᠡᠢ᠃ ᠲᠤᠰ ᠺᠤᠮᠫᠠᠨᠢ ᠶᠢᠨ ᠬᠢᠨ ᠪᠠᠰᠠ ᠬᠤᠯᠠᠨᠳ᠋  ᠠᠴᠠ ᠠᠪᠴᠢᠷᠠᠭᠰᠠᠨ ᠴᠠᠭᠠᠨ ᠢᠳᠡᠭᠡ ᠪᠠᠨ ᠤᠯᠠᠨ ᠳᠤ ᠳᠠᠨᠢᠯᠴᠠᠭᠤᠯᠤᠭᠰᠠᠨ ᠪᠠᠶᠢᠨ᠎ᠠ᠃     ᠠᠵᠢᠯᠯᠠᠭ᠎ᠠ ᠪᠠᠷ ᠰᠢ ᠪᠸᠢ ᠡᠾᠦ᠋ᠢ ᠲᠦᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠤᠯᠠᠨᠳ᠋ ᠤᠨ Ante B.V. ᠺᠣᠮᠫᠠᠨᠢ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃     ᠲᠣᠰ ᠤᠳᠠᠭᠠᠨ ᠤ ᠴᠠᠭᠠᠨ ᠢᠳᠡᠭᠡᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ ᠠᠮᠲᠠᠲᠤ ᠢᠳᠡᠭᠡᠨ ᠤ ᠦᠪᠡᠳᠡᠭᠰᠢ ᠴᠤᠭᠯᠠᠭᠠᠨ ᠪᠤᠯᠤᠨ ᠦᠷᠨᠢᠭᠰᠡᠨ ᠢᠶᠠᠷ ᠪᠠᠷᠠᠬᠤ ᠥᠬᠡᠶ᠂ ᠬᠥᠮᠦᠰ ᠲᠤ ᠴᠠᠭᠠᠨ ᠢᠳᠡᠭᠡᠨ ᠢ ᠠᠮᠲᠠᠯᠠᠬᠤ᠂ ᠴᠠᠭᠠᠨ ᠢᠳᠡᠭᠡᠨ ᠤ ᠰᠣᠶᠣᠯ ᠢ ᠣᠶᠢᠯᠠᠭᠠᠬᠤ ᠲᠠᠪᠴᠠᠩ ᠬᠠᠩᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号