ᠬᠡᠦᠬᠡᠳ ᠤᠳ ᠤᠨ ᠡᠷᠡᠭᠦᠯ ᠴᠢᠭᠢᠷᠠᠭ ᠭᠤᠸᠠᠰᠠᠶᠢᠬᠠᠨ ᠤ ᠳᠤᠷ᠎ᠠ ᠰᠣᠨᠢᠷᠬᠠᠯ ᠪᠠ ᠰᠢᠯᠢᠳᠡᠭ ᠤᠷᠠᠯᠢᠭ ᠤᠨ | ᠪᠣᠯᠪᠠᠰᠤᠷᠠᠯ ᠢ ᠬᠥᠮᠦᠵᠢᠭᠦᠯᠵᠦ᠂ ᠬᠡᠦᠬᠡᠳ ᠤᠨ ᠭᠠᠷ ᠬᠥᠳᠡᠯᠵᠦ ᠠᠵᠢᠯᠯᠠᠬᠤ ᠴᠢᠳᠠᠪᠤᠷᠢ ᠶᠢ ᠪᠣᠯᠪᠠᠰᠤᠷᠠᠭᠤᠯᠬᠤ ᠶᠢᠨ | ᠲᠥᠯᠥᠭᠡ᠂ 10 ᠰᠠᠷ᠎ᠠ ᠶᠢᠨ 25 ᠤ ᠡᠳᠦᠷ᠂ ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠬᠡᠦᠬᠡᠳ ᠤᠨ | ᠴᠡᠴᠡᠷᠯᠢᠭ ᠤᠨ ︽ᠬᠦᠰᠡᠯ ᠤᠨ ᠵᠢᠬᠦᠷ︾ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠰᠬᠦᠯᠡᠩ ᠡᠷᠭᠢᠯᠡᠪᠡ᠃ | | ᠲᠣᠰ ᠤᠳᠠᠭᠠᠨ ᠤ ᠠᠵᠢᠯᠯᠠᠭ᠎ᠠ ᠳᠤ ᠡᠯ᠎ᠡ ᠠᠩᠭᠢ ᠶᠢᠨ ᠬᠡᠦᠬᠡᠳ ᠤᠳ ᠤᠨ ᠭᠤᠶᠢᠳᠠ ᠰᠠᠶᠢᠬᠠᠨ ᠪᠦᠲᠦᠭᠡᠯ ᠢ | ᠡᠮᠬᠢᠳᠬᠡᠨ ᠴᠤᠭᠯᠠᠭᠤᠯᠵᠤ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠪᠦᠲᠦᠭᠡᠯ | ᠨᠢᠭᠡᠪᠦᠷᠢ ᠨᠢ ᠴᠥᠮ ᠬᠡᠦᠬᠡᠳ ᠤᠨ ᠥᠪᠡᠷᠮᠢᠴᠡ ᠪᠦᠲᠦᠭᠡᠯᠴᠢ ᠰᠡᠳᠬᠢᠮᠵᠢ ᠪᠠ ᠲᠥᠰᠦᠭᠡᠯᠡᠨ ᠪᠤᠳᠤᠯᠲᠠ ᠶᠢ | ᠠᠭᠤᠯᠵᠤ ᠪᠠᠶᠢᠯ᠎ᠠ᠃ | ᠬᠡᠦᠬᠡᠳ ᠦᠳᠨᠠᠮᠤᠷ ᠤᠨ ᠤᠯᠠᠷᠢᠯ ᠤᠨ ᠮᠣᠳᠣᠨ ᠨᠠᠪᠴᠢ᠂ ᠵᠢᠮᠢᠰ ᠤᠨ ᠬᠠᠯᠢᠰᠤ ᠵᠡᠷᠭᠡ ᠪᠠᠶᠢᠭᠠᠯᠢ ᠶᠢᠨ | ᠮᠠᠲ᠋ᠧᠷᠢᠶᠠᠯ ᠢ ᠠᠰᠢᠭᠯᠠᠨ᠂ ᠠᠮᠢᠳᠤᠯᠢᠭ ᠰᠣᠨᠢᠷᠬᠠᠯᠲᠠᠶ ᠨᠠᠮᠤᠷ ᠤᠨ ᠡᠳᠦᠷ ᠤᠨ ᠪᠦᠲᠦᠭᠡᠯ ᠤᠳ ᠢ ᠵᠣᠬᠢᠶᠠᠨ | ᠪᠦᠲᠦᠭᠡᠵᠦ᠂ ᠲᠡᠳᠡᠨ ᠦᠡᠬᠡ ᠪᠠᠶᠢᠭᠠᠯᠢ ᠳᠠᠭᠠᠨ ᠬᠠᠶᠢᠷᠠᠲᠠᠶ ᠪᠠᠶᠢᠬᠤ ᠶᠢ ᠢᠯᠡᠷᠡᠭᠦᠯᠦᠭᠰᠡᠨ ᠮᠥᠷᠲᠡᠭᠡᠨ ᠪᠠᠰᠠ | ᠠᠵᠢᠭᠯᠠᠬᠤ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠠ᠃ | ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠡᠷᠬᠢᠯᠡᠭᠴᠢ ᠪᠠᠭᠰᠢ ᠰᠠᠷᠠᠨᠳᠤᠩᠭᠠᠯᠠᠭ᠄ | ︽ᠮᠠᠨ ᠤ ᠴᠡᠴᠡᠷᠯᠢᠭ ᠲᠤ ᠡᠷᠭᠢᠯᠡᠭᠰᠡᠨ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠰᠬᠦᠯᠡᠩ ᠨᠢ | ᠭᠤᠤᠯᠳᠠᠭᠤ ᠬᠡᠦᠬᠡᠳ ᠤᠳ ᠲᠤ ᠥᠪᠡᠷ ᠤᠨ ᠤᠷᠠᠯᠢᠭ ᠤᠨ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ | ᠬᠠᠩᠭᠠᠠᠠᠰᠠᠠ ᠤ ᠬᠠᠮᠲᠤ ᠲᠤᠰᠠᠵᠢᠯᠯᠠᠭᠠ ᠪᠠᠷ ᠳᠠᠮᠵᠢᠭᠤᠯᠤᠨ ᠬᠡᠦᠬᠡᠳ ᠤᠨ ᠭᠤᠸ᠎ᠠ ᠰᠠᠶᠢᠬᠠᠨ ᠤ ᠬᠥᠭᠡᠭᠡᠴᠡᠯᠳᠦᠯ | ᠪᠠ ᠤᠷᠠᠯᠢᠭ ᠤᠨ ᠮᠡᠳᠡᠷᠡᠮᠵᠢ ᠶᠢ ᠬᠥᠭᠵᠢᠭᠡᠭᠰᠡᠨ ᠪᠠᠶᠢᠨ᠎ᠠ᠃︾ ᠬᠡᠯᠡ᠃ | | |