ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠳᠣᠤᠷ᠎ᠠ‌ᠤᠷᠤᠯᠭ᠎ᠠ ᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠬᠤ︾ ᠲᠥᠪ ᠤᠨ ᠲᠤᠰᠬᠠᠶ ᠲᠦᠷᠦᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠬᠦ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/1
         ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ︽ᠬᠤᠶᠠᠷ ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠤᠨ ᠠᠵᠤ ᠠᠬᠤᠶ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ 10 ᠰᠠᠷ᠎ᠠ  ᠶᠢᠨ 22 ᠤᠨ ᠡᠳᠦᠷ᠂ ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ 2024 ᠣᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠣᠤᠷ᠎ᠠ ᠣᠷᠣᠯᠭ᠎ᠠ ᠲᠠᠢ ᠡᠮᠡᠭᠲᠡᠶᠢᠴᠦᠳ  ᠤᠨ ︽ᠬᠤᠶᠠᠷ ᠥᠮᠡᠨ︾ ᠢ ᠠᠪᠤᠷᠠᠨ ᠲᠤᠰᠠᠯᠠᠬᠤ ᠲᠥᠪ ᠤᠨ ᠲᠤᠰᠬᠠᠶ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠣᠯᠭᠤᠬᠤ ᠶᠣᠰᠣᠯᠠᠯ ᠶᠠᠪᠣᠬᠳᠠᠭᠤᠯᠵᠣ᠂ ᠬᠤᠰᠢᠭᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠵᠢᠴᠢ ᠲᠤᠰᠠᠯᠠᠮᠵᠢ ᠬᠦᠷᠲᠡᠭᠰᠡᠨ ᠡᠮᠡᠭᠲᠡᠶᠢᠴᠦᠳ ᠵᠡᠷᠭᠡ 20 ᠭᠠᠷᠤᠶ ᠬᠥᠮᠦᠨ ᠣᠷᠣᠯᠴᠠᠪᠠ᠃    ᠶᠣᠰᠣᠯᠠᠯ ᠳᠡᠭᠡᠷ᠎ᠡ᠂ ᠬᠤᠰᠢᠭᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠬᠠᠷᠢᠭᠤᠴᠠᠯᠭᠠᠲᠠᠨ ᠣᠯᠠᠨ ᠳᠤ ᠲᠥᠪ ᠤᠨ ᠲᠤᠰᠬᠠᠶ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠣᠷᠣᠯᠭ᠎ᠠ ᠲᠤᠤᠷ᠎ᠠ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ ᠲᠤᠰᠠᠯᠠᠬᠤ ᠲᠥᠷᠥᠯ ᠵᠦᠶᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠲᠠᠨᠢᠯᠴᠠᠭᠤᠯᠵᠦ᠂ ᠡᠪᠡᠳᠴᠢᠯᠡᠭᠰᠡᠨ ᠡᠮᠡᠭᠲᠡᠶᠢᠴᠦᠳ ᠤᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠣᠷᠢᠠᠠᠵᠢᠭᠤᠯᠣᠨ᠂ ᠠᠮᠢᠳᠤᠷᠠᠯ ᠳᠤ ᠪᠠᠨ ᠢᠳᠡᠬᠡᠯ ᠲᠠᠢ ᠪᠠᠶᠢᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠡᠪᠡᠳᠴᠢᠨ ᠢ ᠢᠯᠠᠬᠤ ᠬᠥᠳᠡᠯᠭᠡᠬᠦ ᠬᠦᠴᠦᠨ ᠪᠣᠯᠭᠠᠬᠤ ᠶᠢᠨ ᠬᠠᠮᠲᠤ ᠬᠡᠷ ᠪᠦᠯᠢ ᠶᠢᠨ ᠬᠢᠨ ᠳᠤ ᠡᠪᠡᠳᠴᠢᠯᠡᠭᠰᠡᠨ ᠡᠮᠡᠭᠲᠡᠶᠢᠴᠦᠳ ᠤᠨ ᠤᠷᠮ᠎ᠠ ᠰᠡᠳᠬᠢᠯᠭᠡ ᠪᠠ ᠠᠮᠢᠳᠤᠷᠠᠯ ᠢ ᠢᠯᠡᠭᠦᠬᠡᠨ ᠬᠠᠯᠠᠮᠵᠢᠯᠠᠨ ᠬᠠᠷᠠᠭᠠᠯᠵᠠᠬᠤ ᠬᠡᠷᠡᠭᠲᠡᠶ ᠭᠡᠵᠦ ᠵᠠᠬᠢᠯ᠎ᠠ᠃     ᠳᠠᠷᠠᠭ᠎ᠠ ᠨᠢ᠂ ᠲᠣᠰ ᠤᠳᠠᠭᠠᠨ ᠤ ᠠᠪᠤᠷᠠᠨ ᠲᠤᠰᠠᠯᠠᠬᠤ ᠠᠵᠢᠯ ᠨᠢ ᠳᠣᠤᠷ᠎ᠠ ᠣᠷᠣᠯᠭ᠎ᠠ ᠲᠠᠢ ︽ᠬᠤᠶᠠᠷ ᠥᠮᠡᠨ︾ ᠳᠤ ᠨᠡᠷᠪᠡᠭᠳᠡᠭᠰᠡᠨ 20 ᠡᠮᠡᠭᠲᠡᠶᠢᠴᠦᠳ ᠲᠤ ᠬᠥᠮᠦᠨ ᠪᠦᠷᠢ ᠳᠤ ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠵᠤ᠂ ᠨᠡᠶᠢᠲᠡ 20 ᠲᠦᠮᠡᠨ ᠲᠥᠭᠦᠷᠢᠭ ᠲᠠᠷᠬᠠᠭᠠᠠᠠᠰᠠᠠ ᠪᠠᠶᠢᠨ᠎ᠠ᠃    ᠲᠤᠬᠠᠶ ᠶᠢᠨ ᠲᠠᠯᠠᠪᠠᠶ ᠳᠤ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ᠂ ᠮᠡᠰᠡ ᠵᠠᠰᠠᠯ ᠤᠨ ᠳᠠᠷᠠᠭᠠᠬᠢ ᠡᠷᠡᠭᠦᠯᠵᠢᠯ ᠵᠢᠴᠢ ᠠᠩᠬᠠᠷᠬᠤ ᠵᠦᠶᠯᠡᠰ ᠤᠨ ᠲᠤᠬᠠᠶ ᠹᠢᠯᠢᠮ ᠦᠵᠡᠬᠦᠯᠦᠨ᠂ ︽ᠬᠤᠶᠠᠷ ᠥᠮᠡᠨ︾ ᠤ ᠡᠬᠢᠨ ᠤ ᠦᠶ᠎ᠡ ᠶᠢᠨ ᠡᠪᠡᠳᠴᠢᠨ ᠤ ᠪᠠᠶᠢᠳᠠᠯ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠮᠡᠰᠡ ᠵᠠᠰᠠᠯ  ᠤᠨ ᠳᠠᠷᠠᠭᠠᠬᠢ ᠡᠷᠡᠭᠦᠯᠵᠢᠯ ᠤᠨ ᠴᠢᠬᠤᠯᠠ ᠴᠢᠨᠠᠷ᠂ ᠮᠡᠰᠡ ᠵᠠᠰᠠᠯ ᠤᠨ ᠳᠠᠷᠠᠭᠠᠬᠢ ᠢᠳᠡᠭᠡᠨ ᠤᠮᠳᠠᠭᠠᠨ᠂ ᠠᠮᠠᠷᠠᠬᠤ᠂ ᠪᠣᠯᠪᠠᠰᠤᠷᠠᠬᠤ ᠵᠡᠷᠭᠡ ᠲᠠᠯ᠎ᠠ ᠶᠢᠨ ᠠᠩᠬᠠᠷᠬᠤ ᠵᠦᠶᠯᠡᠰ  ᠲᠤ ᠲᠠᠶᠢᠯᠪᠤᠷᠢᠯᠠᠯᠳᠠ ᠬᠢᠪᠡ᠃     ᠡᠪᠡᠳᠴᠢᠲᠡᠨ᠄ ︽ᠡᠨᠡ ᠵᠢᠯ ᠪᠢ ᠡᠪᠡᠳᠴᠢᠯᠡᠭᠰᠡᠨ ᠠᠴᠠ ᠨᠠᠰᠢ᠂ ᠤᠯᠤᠰ ᠪᠠ ᠵᠠᠰᠠᠭ ᠤᠨ ᠣᠷᠳᠣᠨ ᠪᠢᠳᠡᠨ  ᠳᠤ ᠮᠠᠰᠢ ᠶᠡᠭᠡ ᠬᠠᠪᠰᠤᠷᠤᠯᠭ᠎ᠠ‌ᠦᠵᠡᠭᠦᠯᠵᠡᠶ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ︾ ᠬᠡᠯ᠎ᠠ᠃     ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠯᠭ᠎ᠠ ᠲᠤᠤᠷ᠎ᠠ ᠡᠮᠡᠭᠲᠡᠶᠢᠴᠦᠳ ᠵᠢᠴᠢ ᠲᠡᠳᠡᠨ ᠤ ᠬᠡᠷ ᠪᠦᠯᠢ ᠶᠢ ᠦᠷᠭᠦᠯᠵᠢᠯᠡᠨ ᠬᠠᠯᠠᠮᠵᠢᠯᠠᠨ ᠬᠠᠶᠢᠷᠠᠯᠠᠵᠤ᠂ ︽ᠬᠤᠶᠠᠷ ᠥᠮᠡᠨ︾ ᠢ ᠠᠪᠤᠷᠠᠨ ᠲᠤᠰᠠᠯᠠᠬᠤ ᠲᠥᠷᠥᠯ ᠵᠦᠶᠯ ᠢ ᠢᠳᠡᠪᠬᠢᠲᠡᠶ ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠥᠷᠭᠡᠳᠬᠡᠵᠦ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠲᠠᠨᠢᠯᠲᠠ ᠶᠢ ᠲᠡᠭᠡᠭᠰᠢᠯᠡᠬᠦᠯᠬᠦ ᠪᠤᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号