︿ᠬᠤᠤᠰ 11﹀᠎ ᠶᠢᠨ ᠬᠤᠭᠤᠴᠠᠭᠠᠨ ᠳᠤ ᠪᠠᠷᠠᠭᠠᠨ ᠤ ᠪᠤᠷᠤᠯᠠᠭᠤᠯᠭ᠎ᠠ ᠬᠦᠭᠵᠢᠶᠡᠨᠳᠡᠢ ᠪᠠᠶᠢᠨ᠎ᠠ
ᠨᠡᠶᠢᠲᠡᠯᠡᠭᠰᠡᠨ ᠴᠠᠭ᠄
2024/11/14
                   ᠳᠠᠳᠤᠯᠭ᠎ᠠ ᠶᠢᠨ ᠰᠤᠷᠪᠤᠯᠵᠢᠯᠠᠭᠴᠢ ᠰᠤᠳᠤᠯᠠ       ︿ᠬᠤᠤᠰ 11﹀᠎ ᠶᠢᠨ ᠪᠤᠷᠤᠯᠠᠭᠤᠯᠭ᠎ᠠ ᠶᠢ ᠠᠬᠢᠭᠤᠯᠬᠤ ᠬᠦᠳᠡᠯᠭᠡᠭᠡᠨ ᠤ ᠬᠤᠭᠤᠴᠠᠭᠠᠨ ᠳᠤ᠂ ᠰᠢᠯᠤᠭᠤᠨ ᠬᠥᠬᠡ ᠬᠤᠰᠢᠭᠤᠨ ᠤ ᠡᠯ᠎ᠡ ᠠᠵᠢᠯ ᠲᠥᠷᠥᠯ ᠤᠨ ᠬᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠳᠠᠯᠳᠤᠨ ᠠᠪᠬᠤ ᠵᠢᠴᠢ ᠪᠣᠷᠣᠯᠠᠭᠤᠯᠬᠤ ᠬᠥᠭᠵᠢᠶᠡᠨᠲᠡᠶ ᠪᠠᠶᠢᠳᠠᠯ ᠢ ᠪᠤᠢ ᠪᠤᠯᠭᠠᠵᠠᠢ᠃ ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠳᠡᠭᠡᠷᠡᠬᠢ ᠣᠯᠠᠨ ᠵᠦᠢᠯ ᠤᠨ ᠣᠨᠴᠠᠯᠢᠭᠲᠤ ᠪᠦᠲᠦᠭᠡᠭᠳᠡᠭᠦᠨ ᠤ ᠪᠤᠷᠤᠯᠠᠭᠤᠯᠭ᠎ᠠ ᠨᠡᠮᠡᠭᠳᠡᠭᠰᠡᠨ ᠢᠶᠠᠷ ᠪᠠᠷᠠᠬᠤ ᠦᠭᠡᠢ ᠬᠤᠳᠠᠯᠳᠤᠭᠠᠨ ᠤ ᠲᠠᠯᠠᠪᠠᠶ᠂ ᠴᠢᠯᠦᠭᠡᠳᠦ ᠳᠡᠯᠭᠡᠭᠦᠷ ᠲᠤ ᠬᠤᠳᠠᠯᠳᠤᠨ ᠠᠪᠤᠭᠴᠢᠳ ᠤᠯᠠᠰᠢᠷᠠᠨ᠂ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ ᠲᠠᠸᠠᠷ᠂ ᠭᠡᠷ ᠤᠨ ᠡᠳ᠋ᠯᠡᠯ ᠬᠡᠷᠡᠭᠰᠡᠯ᠂ ᠡᠯᠧᠺᠲᠷᠤᠨ ᠲᠦᠭᠦᠭᠡᠷᠦᠮᠵᠢ ᠠᠴᠠ ᠤᠷᠤᠰᠬᠠᠯ ᠳᠠᠭᠠᠭᠰᠠᠨ ᠬᠤᠪᠴᠠᠰᠤ ᠬᠤᠨᠠᠷ ᠬᠦᠷᠲᠡᠯ᠎ᠡ ᠴᠦᠮ ᠪᠤᠷᠤᠯᠠᠭᠤᠯᠭ᠎ᠠ ᠰᠠᠶᠢᠳᠠᠢ ᠪᠤᠯᠤᠭᠰᠠᠨ ᠪᠠᠶᠢᠨ᠎ᠠ᠃       ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠳᠠᠬᠢ ᠵᠢᠭᠠᠰᠤᠲᠠᠶ ᠴᠠᠭᠠᠨ ᠢᠳᠡᠭᠡᠨ ᠤ ᠳᠡᠯᠭᠡᠭᠦᠷ ᠎ ᠲᠤ ᠤᠷᠤᠬᠤ ᠳᠤ᠂ ᠪᠠᠷᠠᠭᠠᠨ ᠤ ᠲᠠᠯᠪᠢᠭᠤᠷ ᠳᠡᠭᠡᠷᠡᠬᠢ ᠨᠠᠷᠢᠯᠢᠭ ᠪᠤᠭᠤᠳᠠᠯ ᠲᠠᠢ ᠣᠨᠴᠠᠯᠢᠭᠲᠤ ᠪᠦᠲᠦᠭᠡᠭᠳᠡᠬᠦᠨ ᠨᠢ ᠬᠠᠮᠤᠭ ᠤᠨ ᠳᠦᠷᠦᠭᠦᠨ ᠳᠤ ᠬᠥᠮᠦᠰ ᠤᠨ ᠠᠩᠬᠠᠷᠤᠯ ᠢ ᠳᠠᠳᠠᠵᠤ᠂ ᠴᠠᠭᠠᠨ ᠢᠳᠡᠭᠡᠨ ᠤ ᠰᠤᠳᠤᠨ ᠰᠠᠶᠢᠬᠠᠨ ᠦᠨᠦᠷ ᠰᠡᠩᠬᠢᠨᠡᠨ᠎ᠡ᠃ᠳᠡᠯᠭᠡᠭᠦᠷ ᠤᠨ ᠡᠵᠡᠨᠳᠡᠨ ᠰᠥᠩ ᠵᠢᠶᠠᠨ ᠪᠢᠨ ᠵᠤᠴᠢᠳ ᠤᠨ ᠬᠡᠷᠡᠭᠴᠡᠭᠡ ᠳᠤ ᠲᠤᠬᠢᠷᠠᠭᠤᠯᠤᠨ ᠪᠠᠷᠠᠭ᠎ᠠ ᠪᠠᠨ ᠲᠠᠨᠢᠯᠴᠠᠭᠤᠯᠵᠤ᠂ ᠪᠤᠭᠤᠳᠠᠯᠯᠠᠭᠰᠠᠨ ᠪᠠᠷᠠᠭ᠎ᠠ ᠪᠠᠨ ᠵᠤᠴᠢᠳ ᠤᠨ ᠬᠠᠶ᠋ᠢᠭ ᠢᠶᠠᠷ ᠭᠤᠪᠢᠭᠤᠯᠵᠤ ᠦᠭᠭᠦ ᠪᠠᠷ ᠪᠡᠯᠡᠳᠭᠡᠵᠦ ᠪᠠᠶᠢᠯ᠎ᠠ᠃      ᠰᠢᠯᠤᠭᠤᠨ ᠬᠥᠬᠡ ᠬᠤᠰᠢᠭᠤᠨ ᠤ ᠵᠢᠭᠠᠰᠤᠲᠠᠶ ᠴᠠᠭᠠᠨ ᠢᠳᠡᠭᠡᠨ ᠤ ᠳᠡᠯᠭᠡᠭᠦᠷ ᠤᠨ ᠡᠵᠡᠨᠳᠡᠨ ᠰᠥᠩ ᠵᠢᠶᠠᠨ ᠪᠢᠨ ᠬᠡᠯᠡᠬᠦ ᠳᠡᠭᠡᠨ᠄ ︽ᠮᠠᠨ ᠤ 2012 ᠣᠨ ᠳᠤ ᠳᠡᠯᠭᠡᠭᠦᠷ ᠢᠶᠠᠨ ᠨᠡᠭᠡᠭᠡᠳ ᠠᠷᠪᠠᠨ ᠬᠤᠶᠡᠳᠡᠬᠢ ᠵᠢᠯ ᠪᠣᠯᠵᠣ ᠪᠠᠶᠢᠨ᠎ᠠ᠃ ᠭᠤᠤᠯᠳᠠᠭᠤ ᠬᠤᠷᠤᠳ᠂ ᠦᠬᠡᠷ ᠤᠨ ᠪᠣᠷᠴᠠ᠂ ᠥᠷᠥᠮ᠎ᠡ ᠵᠡᠷᠭᠡ ᠣᠷᠣᠨ ᠨᠤᠲᠤᠭ ᠤᠨ ᠣᠨᠴᠠ ᠭᠠᠷᠤᠯᠲᠠ ᠶᠢ ᠰᠦᠯᠵᠢᠶᠡᠨ ᠳᠡᠭᠡᠷ᠎ᠡ ᠪᠤᠷᠤᠯᠠᠭᠤᠯᠬᠤ ᠪᠤᠶᠤ ᠰᠦᠯᠵᠢᠶᠡᠨ ᠭᠠᠳᠠᠨ᠎ᠠ ᠪᠤᠷᠤᠯᠠᠭᠤᠯᠵᠤ ᠪᠤᠢ᠃ ᠤᠷᠴᠢᠮ ︿ᠬᠤᠤᠰ 11﹀᠎ ᠶᠢᠨ ᠬᠤᠭᠤᠴᠠᠭᠠᠨ ᠳᠤ ᠡᠯ᠎ᠡ ᠵᠦᠢᠯ ᠤᠨ ᠪᠠᠷᠠᠭ᠎ᠠ ᠪᠦᠲᠦᠭᠡᠭᠳᠡᠭᠦᠨ ᠤ ᠪᠤᠷᠤᠯᠠᠭᠤᠯᠭ᠎ᠠ ᠮᠠᠰᠢ ᠰᠠᠶᠢᠨ ᠪᠠᠶᠢᠨ᠎ᠠ︾ ᠭᠡᠯ᠎ᠡ᠃      ᠱᠦᠨ ᠹᠧᠩ ᠲᠦᠷᠭᠡᠨ ᠬᠦᠷᠭᠡᠯᠲᠡ ᠶᠢᠨ ᠰᠢᠯᠤᠭᠤᠨ ᠬᠦᠬᠡ ᠬᠤᠰᠢᠭᠤᠨ ᠤ ᠨᠢᠭᠡᠳᠦᠭᠡᠷ ᠴᠡᠭ ᠲᠤ᠂ ᠠᠵᠢᠯᠲᠠᠳ ᠪᠣᠭᠤᠳᠠᠯ ᠪᠠᠭᠯᠠᠭ᠎ᠠ ᠶᠢ ᠬᠦᠷᠭᠡᠭᠦ ᠭᠠᠵᠠᠷ ᠤᠷᠤᠨ ᠢᠶᠠᠷ ᠨᠢ ᠨᠠᠷᠢᠯᠢᠭ ᠢᠯᠭᠠᠨ ᠲᠠᠯᠪᠢᠵᠤ ᠪᠠᠶᠢᠯ᠎ᠠ᠃      ᠱᠦᠨ ᠹᠧᠩ ᠲᠦᠷᠭᠡᠨ ᠬᠦᠷᠭᠡᠯᠲᠡ ᠶᠢᠨ ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠴᠡᠭ ᠤᠨ ᠬᠥᠮᠥᠷᠭᠡ ᠬᠠᠮᠢᠶᠠᠷᠤᠭᠴᠢ ᠰᠢᠤᠢ ᡁᠢ ᠸᠧᠶ ᠬᠡᠯᠡᠬᠦ ᠳᠡᠭᠡᠨ᠄ ︽︿ᠬᠤᠤᠰ 11﹀᠎ ᠶᠢᠨ ᠬᠤᠭᠤᠴᠠᠭᠠᠨ ᠳᠤ᠂ ᠲᠦᠷᠭᠡᠨ ᠬᠦᠷᠭᠡᠯᠲᠡ ᠶᠢᠨ ᠪᠤᠭᠤᠳᠠᠯ ᠤᠨ ᠬᠡᠮᠵᠢᠶ᠎ᠡ ᠶᠡᠭᠡ ᠪᠠᠷ ᠨᠡᠮᠡᠭᠳᠡᠭᠰᠡᠨ ᠪᠠᠶᠢᠨ᠎ᠠ᠃ ᠡᠨᠡ ᠬᠦ ᠪᠠᠶᠢᠳᠠᠯ ᠳᠤᠤᠷ᠎ᠠ ᠪᠢᠳᠡ ᠤᠷᠢᠳᠴᠢᠯᠠᠨ ᠪᠠᠶᠢᠷᠢᠯᠠᠭᠤᠯᠵᠤ᠂ ᠠᠵᠢᠯᠳᠠᠳ ᠤᠨ ᠳᠤᠭ᠎ᠠ ᠶᠢ ᠨᠡᠮᠡᠭᠳᠡᠭᠦᠯᠦᠨ᠂ ᠪᠤᠭᠤᠳᠠᠯ ᠪᠠᠭᠯᠠᠭ᠎ᠠ ᠶᠢ ᠲᠣᠭᠲᠠᠭᠰᠠᠨ ᠬᠤᠭᠤᠴᠠᠭᠠᠨ ᠳᠤ ᠬᠡᠷᠡᠭᠯᠡᠭᠴᠢ ᠶᠢᠨ ᠭᠠᠷ ᠲᠤ ᠬᠦᠷᠭᠡᠬᠦ ᠶᠢ ᠦᠨᠡᠨ ᠬᠦ ᠪᠠᠳᠤᠯᠠᠵᠤ ᠪᠤᠢ︾ ᠭᠡᠯ᠎ᠡ᠃      ᠣᠶᠢᠯᠠᠭᠠᠭᠰᠠᠨ ᠢᠶᠠᠷ᠂ ᠡᠨᠡ ᠵᠢᠯ ᠤᠨ ︿ᠬᠤᠤᠰ 11﹀᠎ ᠶᠢᠨ ᠪᠣᠷᠣᠯᠠᠭᠤᠯᠭ᠎ᠠ ᠶᠢ ᠠᠬᠢᠭᠤᠯᠬᠤ ᠬᠤᠭᠤᠴᠠᠭ᠎ᠠ ᠨᠡᠯᠢᠶᠡᠳ ᠣᠷᠳᠣ ᠪᠠᠶᠢᠵᠤ᠂ 10 ᠰᠠᠷ᠎ᠠ ᠶᠢᠨ ᠰᠡᠭᠦᠯᠴᠢ ᠠᠴᠠ ᠡᠬᠢᠯᠡᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠶᠯᠭᠡᠭᠡ ᠮᠡᠳᠡᠭᠳᠡᠮ᠎ᠡ ᠨᠡᠮᠡᠭᠳᠡᠵᠦ᠂ ᠴᠥᠭᠡᠨ ᠪᠤᠰᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠬᠦᠮᠦᠨ ᠤ ᠬᠦᠴᠦᠨ ᠢ ᠨᠡᠮᠡᠭᠳᠡᠭᠦᠯᠦᠨ ᠪᠠᠷᠠᠭᠠᠨ ᠤ ᠬᠦᠢᠯᠭᠡᠭᠡ ᠪᠠᠨ ᠲᠤᠬᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠ ᠦᠶᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠪᠤᠭᠤᠳᠠᠯ ᠪᠠᠭᠯᠠᠭ᠎ᠠ ᠶᠢ ᠤᠬᠤᠷᠬᠠᠨ ᠬᠤᠭᠤᠴᠠᠭᠠᠨ ᠳᠤ ᠬᠦᠷᠭᠡᠭᠦ ᠶᠢ ᠪᠠᠲᠤᠯᠠᠬᠤ ᠶᠢᠨ ᠬᠠᠮᠲᠤ ᠬᠦᠮᠦᠷᠭᠡᠯᠡᠬᠦ᠂ ᠢᠯᠭᠠᠬᠤ ᠰᠢᠰᠲ᠋ᠧᠮ ᠢᠶᠠᠨ ᠰᠢᠨᠡᠴᠢᠯᠡᠵᠦ᠂ ︿ᠬᠤᠤᠰ 11﹀ ᠎ ᠶᠢᠨ ᠪᠠᠷᠠᠭᠠᠨ ᠤ ᠭᠦᠶᠯᠭᠡᠭᠡ ᠶᠢᠨ ᠣᠷᠭᠢᠯ ᠤᠨ ᠬᠤᠭᠤᠴᠠᠭᠠᠨ ᠳᠠᠬᠢ ᠬᠡᠪ ᠤᠨ ᠡᠷᠭᠢᠯᠲᠡ ᠶᠢ ᠪᠠᠳᠤᠯᠠᠵᠤ ᠪᠤᠢ᠃       ︿ᠬᠤᠤᠰ 11﹀᠎ ᠶᠢᠨ ᠪᠤᠷᠤᠯᠠᠭᠤᠯᠭ᠎ᠠ ᠶᠢ ᠠᠬᠢᠭᠤᠯᠬᠤ ᠬᠦᠳᠡᠯᠭᠡᠭᠡᠨ ᠢ ᠳᠠᠭᠠᠯᠳᠤᠨ᠂ ᠰᠢᠯᠤᠭᠤᠨ ᠬᠥᠬᠡ ᠬᠤᠰᠢᠭᠤᠨ ᠤ ᠡᠯ᠎ᠡ ᠬᠤᠳᠠᠯᠳᠤᠭ᠎ᠠ ᠳᠡᠯᠭᠡᠭᠦᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠨ ᠬᠥᠭᠵᠢᠬᠦ ᠵᠠᠭᠪᠤᠷ ᠢᠶᠠᠷ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠳᠤ ᠲᠦᠭᠦᠮ ᠪᠤᠯᠭᠠᠵᠤ᠂ ᠲᠤᠬᠠᠶ ᠶᠢᠨ ᠭᠠᠵᠠᠷ ᠤᠨ ᠠᠵᠤ ᠠᠬᠤᠶ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号