ᠰᠢᠯᠤᠭᠤᠨ ᠬᠥᠬᠡ ᠬᠤᠰᠢᠭᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠨ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/11/14
     ᠬᠠᠷᠢᠶ᠎ᠠ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠰᠢᠭᠤᠨ ᠤ ᠬᠡᠪᠴᠢᠶᠡᠨ ᠳᠤ ᠬᠤᠶᠠᠷ ᠬᠦᠷᠳᠦᠲᠦ᠂ ᠭᠤᠷᠪᠠᠨ ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠡᠩᠰᠡᠯᠡᠵᠦ ᠣᠷᠣᠭᠤᠯᠬᠤ ᠠᠵᠢᠯ ᠢ 11 ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠡᠬᠢᠯᠡᠭᠦᠯᠪᠡ᠃     ᠰᠢᠯᠤᠭᠤᠨ ᠬᠥᠬᠡ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠳᠣᠲᠣᠭᠠᠳᠤ ᠎ ᠶᠢ ᠬᠠᠮᠠᠭᠠᠯᠠᠬᠤ ᠶᠡᠷᠦᠩᠬᠡᠶᠢᠯᠡᠭᠰᠡᠨ ᠦᠶᠯᠡᠴᠢᠯᠡᠭᠡᠨ ᠤ ᠲᠤᠰᠬᠠᠶ ᠲᠣᠭᠤᠷᠢᠭ ᠲᠤ᠂ ᠠᠵᠢᠯᠲᠠᠨ ᠤ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠦ᠂ ᠲᠡᠳᠡᠨ ᠤ ᠵᠠᠷᠢᠮ ᠨᠢ ᠰᠠᠭᠤᠭᠠᠯᠢ ᠠᠷᠠᠳ ᠲᠤ ᠴᠠᠬᠢᠯᠭᠠᠨ ᠬᠥᠳᠡᠯᠭᠡᠭᠦᠷᠲᠦ ᠲᠡᠷᠭᠡ ᠳᠠᠩᠰᠠᠯᠠᠬᠤ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠣᠷᠢᠯᠠᠨ᠂ ᠵᠠᠷᠢᠮ ᠨᠢ ᠴᠠᠬᠢᠯᠭᠠᠨ ᠬᠥᠳᠡᠯᠭᠡᠭᠦᠷᠲᠦ ᠲᠡᠷᠭᠡᠨ ᠤ ᠨᠣᠮᠧᠷ᠂ ᠴᠠᠬᠢᠯᠭᠠᠨ ᠮᠠᠰᠢᠨ ᠤ ᠨᠣᠮᠧᠷ ᠵᠡᠷᠭᠡ ᠮᠡᠳᠡᠭᠡ ᠵᠠᠩᠭᠢ ᠶᠢ ᠨᠠᠷᠢᠨ ᠪᠠᠶᠢᠴᠠᠭᠠᠵᠤ᠂ ᠪᠠᠰᠠ ᠵᠠᠷᠢᠮ ᠎ ᠨᠢ ᠮᠡᠳᠡᠭᠡ ᠵᠠᠩᠭᠢ ᠶᠢ ᠰᠢᠰᠲ᠋ᠧᠮ ᠳᠤ ᠣᠷᠣᠭᠤᠯᠵᠦ ᠪᠠᠶᠢᠯ᠎ᠠ᠃ ᠡᠭᠦᠨ ᠤ ᠬᠠᠮᠲᠤ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠳᠠᠩᠰᠠᠯᠠᠬᠤ ᠭᠠᠵᠠᠷ ᠲᠤ ᠪᠠᠰᠠ ᠬᠤᠯᠪᠣᠭᠳᠠᠯ ᠪᠥᠬᠦᠶ ᠵᠥᠪᠯᠡᠯᠭᠡ ᠥᠭᠬᠦ ᠠᠵᠢᠯᠲᠠᠨ ᠲᠣᠬᠢᠷᠠᠭᠤᠯᠵᠤ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠲᠤᠬᠠᠶ ᠲᠣᠭᠲᠠᠭᠠᠯ ᠵᠡᠷᠭᠡ ᠠᠰᠠᠭᠤᠳᠠᠯ ᠳᠤ ᠬᠠᠷᠢᠭᠤᠯᠲᠠ ᠦᠭᠴᠦ ᠪᠠᠶᠢᠪᠠ᠃    ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠶᠯᠡᠴᠢᠯᠡᠭᠡᠨ ᠤ ᠲᠥᠪ ‍ᠦᠨ‌ᠵᠢᠭᠠᠨ ᠵᠢᠯᠣᠭᠤᠳᠣᠭᠴᠢ ᠸᠠᠩ ᠰᠢᠤᠢ ᠬᠤᠩ᠄ ᠡᠮᠦᠨᠡᠬᠢ ᠬᠤᠭᠤᠴᠠᠭᠠᠨ ᠳᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠡᠷᠦᠬᠡ ᠳᠤ ᠬᠦᠷᠴᠦ ᠪᠠᠶᠢᠴᠠᠭᠠᠬᠤ ᠵᠢᠴᠢ ᠨᠡᠶᠢᠭᠡᠮ ᠲᠣᠭᠤᠷᠢᠭ ᠎ ᠠᠴᠠ ᠡᠯ᠎ᠡ ᠲᠣᠭᠤᠷᠢᠭ ᠲᠠᠢ ᠬᠠᠷᠢᠯᠴᠠᠵᠤ᠂ ᠲᠤᠭ᠎ᠠ ᠪᠠᠷᠢᠮᠲᠠ ᠶᠢ ᠮᠠᠨ ᠤ ᠲᠥᠪ ᠲᠤ ᠳᠠᠮᠵᠢᠭᠤᠯᠵᠤ᠂ ᠳᠠᠷᠠᠭ᠎ᠠ ᠨᠢ ᠮᠠᠨ ᠤ ᠲᠥᠪ ᠠᠴᠠ ᠣᠳᠣ ᠪᠦᠬᠦ ᠠᠵᠢᠯᠲᠠᠨ ᠤ ᠣᠷᠣᠭᠤᠯᠬᠤ ᠠᠵᠢᠯ ᠢ ᠬᠢᠵᠦ ᠪᠠᠶᠢᠨ᠎ᠠ᠃ ᠡᠭᠦᠨ ᠤ ᠬᠠᠮᠲᠤ᠂ ᠪᠢᠳᠡ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ 7 ᠠᠵᠤ ᠠᠬᠤᠶᠢᠯᠠᠯ ᠢ ᠰᠤᠷᠪᠤᠯᠵᠢᠯᠬᠠᠰᠠᠠ ᠤ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠳᠡᠩᠰᠡᠯᠡᠵᠦ ᠣᠷᠣᠭᠤᠯᠬᠤ ᠠᠵᠢᠯ ᠢ ᠦᠨᠡᠨ ᠬᠦ ᠰᠠᠶᠢᠲᠤᠷ ᠬᠢᠵᠣ᠂ ᠣᠳᠣᠬᠠᠨ ᠳᠤ᠂ ᠪᠢᠳᠡ ᠶᠠᠭ ᠴᠠᠭ ᠢ ᠠᠮᠵᠢᠨ ᠠᠵᠢᠯᠯᠠᠵᠤ᠂ ᠲᠤᠭ᠎ᠠ ᠪᠠᠷᠢᠮᠲᠠ ᠰᠣᠯᠢᠯᠴᠠᠬᠤ ᠰᠢᠰᠲ᠋ᠧᠮ ᠳᠤ 3000 ᠭᠠᠷᠤᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠠᠩᠰᠠᠯᠠᠨ ᠣᠷᠣᠭᠤᠯᠪᠠ︾ ᠬᠡᠯ᠎ᠡ᠃    ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠬᠡ ᠬᠤᠰᠢᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠪᠥᠬᠦ ᠬᠡᠯᠬᠢᠶ᠎ᠡ︾᠎ ᠳᠤ ᠲᠡᠮᠳᠡᠭᠯᠡᠨ ᠣᠷᠣᠭᠤᠯᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠤᠬᠠᠭᠤᠯᠭ᠎ᠠ ᠎ ᠶᠢᠨ ᠠᠵᠢᠯ ᠢ ᠰᠠᠶᠢᠳᠤᠷ ᠬᠢᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠎ ᠶᠢᠨ ᠭᠦᠨᠵᠡᠭᠡᠶ ᠥᠷᠨᠢᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠬᠠᠮᠠᠭᠠᠯᠠᠬᠤ ᠪᠣᠯᠣᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号