ᠰᠢᠯᠤᠭᠤᠨ ᠬᠥᠬᠡ ᠬᠤᠰᠢᠭᠤᠨ ᠤ ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠢᠯ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/11/14
        ᠥᠨᠳᠥᠷ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠶᠢᠨ ᠲᠤᠰᠠᠳᠠ ᠰᠢᠯᠤᠭᠤᠨ ᠬᠥᠬᠡ ᠬᠤᠰᠢᠭᠤ ᠠᠮᠢ ᠠᠬᠤᠶ ᠶᠢᠨ ᠴᠡᠴᠡᠷᠯᠢᠭ ᠢ ᠰᠢᠨᠡᠳᠭᠡᠨ ᠳᠡᠰ ᠳᠡᠪᠰᠢᠬᠦᠯᠵᠦ᠂ ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠢ ᠪᠥᠲᠥᠭᠡᠨ ᠪᠠᠶᠢᠭᠤᠯᠬᠤ ᠪᠠᠷ ᠪᠤᠢ᠃        ᠤᠶᠢᠷ᠎ᠠ ᠶᠢᠨ ᠡᠳᠦᠷ᠂ ᠱᠠᠩᠲᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠳᠠ ᠶᠢᠨ ᠲᠠᠯᠠᠪᠠᠶ ᠳᠤ ᠠᠵᠢᠯᠴᠢᠳ ᠡᠯ᠎ᠡ ᠵᠦᠶᠯ ᠤᠨ ᠮᠠᠰᠢᠨ ᠲᠥᠬᠦᠭᠡᠷᠦᠮᠵᠢ ᠶᠢ ᠠᠵᠢᠯᠯᠠᠭᠤᠯᠤᠨ ᠠᠮᠤᠷ ᠲᠦᠪᠰᠢᠨ ᠪᠠ ᠶᠠᠰᠤ ᠴᠢᠨᠠᠷ ᠢ ᠪᠠᠳᠤᠯᠠᠭᠰᠠᠨ ᠤᠷᠢᠲᠠᠯ ᠳᠣᠤᠷ᠎ᠠ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠡᠯ᠎ᠡ ᠵᠦᠶᠯ ᠤᠨ ᠠᠵᠢᠯ ᠢ ᠡᠮᠬᠢ ᠴᠡᠭᠴᠡ ᠲᠠᠢ ᠶᠠᠪᠤᠭᠳᠠᠭᠤᠯᠵᠤ ᠪᠠᠶᠢᠯ᠎ᠠ᠃       ᠰᠢᠯᠤᠭᠤᠨ ᠬᠥᠬᠡ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠡᠳ᠋ ᠳᠠᠷᠤᠭ᠎ᠠ ᠰᠢᠨᠡᠬᠠᠪᠤᠷ ᠬᠡᠯᠡᠬᠦ ᠳᠡᠭᠡᠨ᠄ ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠭᠤᠤᠯᠳᠠᠭᠤ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠬᠡᠦᠬᠡᠳ ᠤᠨ ᠲᠠᠮᠢᠷ ᠤᠨ ᠲᠠᠯᠠᠪᠤᠷ᠂ ᠬᠦᠷᠳᠦᠲᠦ ᠭᠤᠯᠭᠤᠭᠤᠷ ᠤᠨ ᠲᠠᠯᠠᠪᠤᠷ᠂ ᠰᠠᠭᠰᠤᠨ ᠪᠥᠮᠪᠦᠭᠡ ᠪᠠ ᠲᠤᠯᠤᠭᠠᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ᠂ ᠣᠶᠤᠨᠴᠢ ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠶᠢ ᠪᠠᠭᠳᠠᠭᠠᠵᠤ ᠪᠠᠶᠢᠭ᠎ᠠ ᠶᠤᠮ᠃ ᠲᠤᠰ ᠴᠡᠴᠡᠷᠯᠢᠭ ᠢ ᠪᠠᠶᠢᠭᠤᠯᠤᠭᠰᠠᠨ ᠤ ᠳᠠᠷᠠᠭ᠎ᠠ ᠠᠷᠠᠳ ᠣᠯᠠᠨ ᠤ ᠰᠡᠯᠡᠭᠦᠴᠡᠵᠦ ᠵᠤᠭᠠᠯᠠᠬᠤ ᠬᠡᠷᠡᠭᠴᠡᠭᠡ ᠶᠢ ᠬᠠᠩᠭᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠦᠷᠨᠢᠬᠦᠯᠬᠦ᠂ ᠪᠠᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠲᠦᠯᠬᠢᠴᠡ ᠦᠶᠯᠡᠳᠦᠯ ᠦᠵᠡᠭᠦᠯᠬᠦ ᠪᠣᠯᠤᠨ᠎ᠠ ᠭᠡᠯ᠎ᠡ᠃      ᠣᠶᠢᠯᠠᠭᠠᠭᠰᠠᠨ ᠢᠶᠠᠷ᠂ ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠶᠯ ᠨᠢ 293200 ᠳᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠶᠢᠵᠦ᠂ ᠨᠡᠶᠢᠳᠡ 1533 ᠲᠦᠮᠡᠨ ᠲᠥᠭᠦᠷᠢᠭ ᠤᠨ ᠪᠡᠯᠡ ᠵᠠᠷᠤᠴᠠᠭᠤᠯᠤᠨ᠂ 2025 ᠤᠨ ᠳᠤ ᠠᠰᠢᠭᠯᠠᠯᠳᠠ ᠳᠤ ᠤᠷᠤᠬᠤ ᠪᠤᠯᠤᠨ᠎ᠠ᠃       ᠲᠣᠰ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠣᠷᠣᠨ ᠵᠠᠶ ᠶᠢ ᠥᠷᠭᠡᠳᠬᠡᠵᠦ᠂ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠬᠤ ᠪᠠᠷ ᠪᠠᠷᠠᠬᠤ ᠥᠬᠡᠶ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠪ ᠴᠢᠨᠠᠷ ᠢ ᠳᠡᠭᠡᠭᠰᠢᠯᠡᠭᠦᠯᠬᠦ  ᠳᠤ ᠴᠣ ᠰᠢᠨ᠎ᠡ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠲᠠᠯᠠᠪᠤᠷ ᠬᠠᠩᠭᠠᠨ ᠦᠭᠴᠦ᠂ ᠣᠯᠠᠨ ᠠᠷᠭ᠎ᠠ ᠵᠠᠮ ᠢᠶᠠᠷ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠭᠡᠯ ᠲᠦᠭᠦᠭᠡᠷᠦᠮᠵᠢ ᠶᠢᠨ ᠬᠠᠩᠭᠠᠯᠭ᠎ᠠ ᠶᠢ ᠥᠷᠭᠡᠳᠬᠡᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠭᠡᠯ ᠲᠦᠭᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ  ᠳᠤ ᠴᠢᠬᠤᠯᠠ ᠦᠶᠯᠡᠳᠦᠯ ᠦᠵᠡᠬᠦᠯᠬᠦ ᠪᠤᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号