ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ  ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/14
                    ᠳᠠᠳᠤᠯᠭ᠎ᠠ ᠶᠢᠨ ᠰᠤᠷᠪᠤᠯᠵᠢᠯᠠᠭᠴᠢ  ᠬᠦᠪᠴᠢ      11 ᠰᠠᠷ᠎ᠠ ᠶᠢᠨ 11 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠬᠤᠷᠠᠯ ᠢ ᠡᠷᠭᠢᠯᠡᠨ ᠶᠠᠷᠢᠶ᠎ᠠ ᠳᠠᠯᠪᠢᠵᠠᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠳᠡᠳ᠋ ᠡᠷᠬᠢᠯᠡᠭᠴᠢ ᠶᠢᠨ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᡁᠢ ᠵᠢᠦᠸᠠᠨ ᠬᠤᠷᠠᠯ ᠳᠤ ᠤᠷᠤᠯᠴᠠᠵᠠᠢ᠃ ᠬᠤᠷᠠᠯ ᠳᠤ ᠣᠷᠣᠯᠴᠠᠬᠤ ᠶᠣᠰᠣᠲᠠᠢ 27 ᠬᠥᠮᠦᠨ ᠠᠴᠠ ᠪᠣᠳᠠᠲᠠᠢ 24 ᠬᠥᠮᠦᠨ ᠤᠷᠤᠯᠴᠠᠵᠤ᠂ ᠤᠯᠤᠰ ᠲᠦᠷᠦ ᠶᠢᠨ ᠵᠥᠪᠯᠡᠯᠭᠡᠨ ᠤ ︽ᠲᠦᠷᠢᠮ︾ ᠤᠨ ᠲᠣᠭᠲᠠᠭᠠᠯ ᠳᠤ ᠨᠡᠶᠢᠴᠡᠵᠡᠢ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ  ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠯᠤᠭᠤᠨ ᠬᠥᠬᠡ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠶᠯᠡᠰ ᠤᠨ ᠬᠥᠭᠵᠢᠯᠲᠡ ᠶᠢ ᠠᠬᠢᠭᠤᠯᠬᠤ ᠲᠤᠬᠠᠢ︾ ᠪᠠᠶᠢᠴᠠᠭᠠᠨ ᠰᠤᠳᠤᠯᠤᠯᠲᠠ  ᠶᠢᠨ ᠮᠡᠳᠡᠭᠦᠯᠦᠯᠲᠡ᠂ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ ᠲᠤᠬᠠᠢ︾ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠥᠭᠡᠳ ᠲᠤᠰ ᠬᠤᠶᠠᠷ ᠮᠡᠳᠡᠭᠦᠯᠦᠯᠲᠡ ᠶᠢᠨ ᠲᠣᠭᠤᠷᠢᠨ ᠳᠤ ᠶᠠᠷᠢᠯᠴᠠᠯᠭ᠎ᠠ ᠦᠷᠨᠢᠬᠦᠯᠦᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠤᠨ ᠡᠨᠡ ᠵᠢᠯ ᠤᠨ ᠡᠭᠦᠷᠭᠡ ᠲᠤᠰᠢᠶᠠᠯ ᠢᠶᠠᠨ ᠭᠦᠶᠴᠡᠳᠬᠡᠭᠰᠡᠨ ᠪᠠᠶᠢᠳᠠᠯ ᠢ ᠨᠡᠶᠢᠳᠡᠯᠡᠭᠰᠡᠨ ᠪᠠᠶᠢᠨ᠎ᠠ᠃     ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠤᠷᠪᠠᠨ ᠶᠡᠭᠡ ᠡᠭᠦᠷᠭᠡ ᠴᠢᠳᠠᠪᠬᠢ ᠲᠠᠢ ᠤᠶᠠᠯᠳᠤᠭᠤᠯᠤᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠵᠥᠪᠯᠡᠵᠦ᠂ ᠠᠷᠠᠳ ᠤᠨ ᠠᠮᠢᠳᠤᠷᠠᠯ ᠤᠨ ᠬᠦᠷᠢᠶ᠎ᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠠᠬᠢ ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ ᠲᠠᠢ ᠨᠢᠭᠲᠠ ᠤᠶᠠᠯᠳᠤᠭᠤᠯᠤᠨ ᠠᠷᠭ᠎ᠠ ᠤᠬᠠᠭᠠᠨ ᠭᠠᠷᠭᠠᠵᠤ᠂ ᠬᠠᠨᠳᠤᠯᠭᠠᠲᠤ ᠴᠢᠨᠠᠷ ᠲᠠᠢ᠂ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠤᠨ᠂ ᠦᠷ᠎ᠡ ᠪᠦᠲᠦᠭᠡᠯ ᠢ ᠦᠨᠡᠨ ᠬᠦ ᠪᠠᠲᠤᠯᠠᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ  ᠤ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ︽ᠵᠢᠷᠭᠤᠭᠠᠨ ᠨᠢᠭᠡ︾ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠦᠪᠯᠠᠷᠡᠭᠦᠯᠦᠨ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠰᠢᠯᠭᠠᠨ ᠦᠨᠡᠯᠡᠬᠦ᠂ ᠭᠡᠰᠢᠭᠦᠳ ᠢ ᠬᠢᠨᠠᠨ ᠰᠢᠯᠭᠠᠬᠤ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ᠂ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠪᠡᠯᠡᠳᠬᠡᠯ ᠠᠵᠢᠯ ᠵᠡᠷᠭᠡ ᠶᠢ ᠰᠠᠶᠢᠲᠤᠷ ᠬᠢᠵᠦ᠂ ᠰᠢᠯᠤᠭᠤᠨ ᠬᠥᠬᠡ ᠬᠤᠰᠢᠭᠤᠨ ᠤ ᠬᠥᠭᠵᠢᠯᠲᠡ ᠳᠤ ᠤᠯᠤᠰ ᠲᠥᠷᠦ ᠶᠢᠨ ᠵᠥᠪᠯᠡᠯᠭᠡᠨ  ᠤ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ︵ᠬᠠᠷᠢᠯᠴᠠᠬᠤ ᠠᠯᠪᠠᠨ ᠬᠡᠷ ᠤᠨ ᠡᠷᠬᠢᠯᠡᠭᠴᠢ︶᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠵᠠᠶ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号