| | ᠣᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤ ᠪᠣᠬᠢᠷᠲᠤᠯ ᠥᠬᠡᠶ ᠳᠣᠤᠷ᠎ᠠ | ᠨᠡᠭᠦᠷᠡᠰᠦᠲᠥ᠋ᠷᠥᠭᠴᠢᠲᠦ ᠬᠡᠯᠪᠡᠷᠢ ᠶᠢ ᠬᠤᠪᠢᠷᠠᠭᠤᠯᠬᠤ ᠠᠵᠠ ᠲᠣᠬᠢᠶᠠᠯ ᠢ ᠢᠳᠡᠪᠬᠢᠲᠡᠶ ᠡᠵᠡᠮᠳᠡᠵᠦ᠂ ᠰᠢᠨ᠎ᠡ ᠡᠨᠧᠷᠭᠢ | ᠶᠢᠨ ᠠᠵᠤ ᠦᠶᠯᠡᠰ ᠤᠨ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠦ᠂ ᠣᠳᠣᠬᠠᠨ ᠳᠤ᠂ ᠨᠢᠭᠡᠨᠲᠡ 15 | ᠰᠢᠨ᠎ᠡ ᠡᠨᠧᠷᠭᠢ ᠶᠢᠨ ᠲᠦᠷᠦᠯ ᠵᠦᠢᠯ ᠢ ᠪᠠᠶᠢᠭᠤᠯᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ | 189 ᠲᠦᠮᠡᠨ ᠺᠢᠯᠣᠸᠠᠲ ᠲᠤ ᠬᠦᠷᠴᠡᠢ᠃ ᠣᠶᠢᠷ᠎ᠠ ᠳᠤ᠂ ᠳᠤᠮᠳᠠᠳᠤ ᠤᠯᠤᠰ ᠤᠨ ᠣᠩᠭᠤᠴᠠᠨ ᠤ ᠰᠢᠯᠤᠭᠤᠨ | ᠬᠥᠬᠡ ᠬᠤᠰᠢᠭᠤᠨ ᠤ 300MW ᠥᠨᠳᠥᠷ ᠬᠦᠴᠦᠳᠡᠯᠲᠦ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠰᠠᠯᠬᠢ | ᠬᠡᠷᠡᠯ ᠬᠠᠳᠠᠭᠠᠯᠠᠬᠤ ᠶᠢ ᠨᠢᠭᠡ ᠴᠣᠭᠴᠠᠵᠢᠭᠤᠯᠬᠤ ᠲᠥᠷᠥᠯ ᠵᠦᠶᠯ ᠢ ᠪᠥᠲᠥᠭᠡᠨ ᠪᠠᠶᠢᠭᠤᠯᠵᠤ ᠡᠬᠢᠯᠡᠨ᠂ ᠡᠨᠡ ᠬᠦ | ᠲᠥᠷᠥᠯ ᠵᠦᠶᠯ ᠢ ᠡᠬᠢᠯᠡᠭᠦᠯᠦᠭᠰᠡᠨ ᠨᠢ ᠡᠨᠧᠷᠭᠢ ᠶᠢᠨ ᠬᠦᠷᠢᠶᠡᠨ ᠤ ᠪᠠᠰᠠ ᠨᠢᠭᠡᠨ ᠴᠢᠬᠤᠯᠠ ᠠᠬᠢᠴᠠ ᠶᠢ | ᠬᠠᠷᠠᠭᠤᠯᠵᠤ ᠪᠠᠶᠢᠨ᠎ᠠ᠃ | ᠰᠤᠷᠪᠤᠯᠵᠢᠯᠠᠭᠴᠢ ᠳᠤᠮᠳᠠᠳᠤ ᠤᠯᠤᠰ ᠤᠨ ᠣᠩᠭᠤᠴᠠᠨ ᠤ ᠰᠢᠯᠤᠭᠤᠨ ᠬᠥᠬᠡ ᠬᠤᠰᠢᠭᠤᠨ ᠤ 300 MW | ᠥᠨᠳᠥᠷ ᠬᠦᠴᠦᠳᠡᠯᠲᠦ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠰᠠᠯᠬᠢ ᠬᠡᠷᠡᠯ ᠬᠠᠳᠠᠭᠠᠯᠠᠬᠤ ᠶᠢ ᠨᠢᠭᠡ | ᠴᠣᠭᠴᠠᠵᠢᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠥᠷᠬᠦ ᠳᠤ᠂ | ᠪᠥᠲᠥᠭᠡᠨ ᠪᠠᠶᠢᠭᠤᠯᠤᠭᠴᠢᠳ ᠶᠠᠭᠠᠷᠠᠯᠲᠠᠶ ᠠᠵᠢᠯᠯᠠᠵᠤ ᠪᠣᠢ᠃ ᠲᠥᠷᠥᠯ ᠵᠦᠶᠯ ᠤᠨ ᠬᠠᠷᠢᠭᠤᠴᠠᠯᠭᠠᠲᠠᠨ | ᠲᠠᠨᠢᠯᠴᠠᠭᠤᠯᠬᠤ ᠳᠠᠭᠠᠨ᠂ ᠲᠣᠰ ᠲᠥᠷᠥᠯ ᠵᠦᠶᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠨᠧᠷᠭᠢ ᠶᠢᠨ | ᠬᠠᠩᠭᠠᠯᠭ᠎ᠠ ᠶᠢᠨ ᠲᠣᠭᠲᠠᠪᠤᠷᠢᠲᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠬᠠᠶ ᠶᠢᠨ ᠭᠠᠵᠠᠷ ᠤᠨ | ᠡᠨᠧᠷᠭᠢ ᠶᠢᠨ ᠪᠦᠲᠦᠴᠡ ᠶᠢ ᠰᠢᠯᠢᠳᠡᠭᠵᠢᠬᠦᠯᠬᠦ ᠪᠣᠯᠤᠨ᠎ᠠ ᠬᠡᠯᠡ᠃ | ᠳᠤᠮᠳᠠᠳᠤ ᠤᠯᠤᠰ ᠤᠨ ᠣᠩᠭᠤᠴᠠᠨ ᠤ ᠰᠢᠯᠤᠭᠤᠨ ᠬᠥᠬᠡ ᠬᠤᠰᠢᠭᠤᠨ ᠤ 300 MW ᠥᠨᠳᠥᠷ | ᠬᠦᠴᠦᠳᠡᠯᠳᠦ ᠭᠤᠷᠪᠠᠳᠤᠭᠠᠷ ᠬᠤᠭᠤᠴᠠᠭᠠᠨ ᠤ ᠰᠠᠯᠬᠢ ᠭᠡᠷᠡᠯ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ | ᠲᠥᠷᠥᠯ ᠵᠦᠢᠯ ᠪᠣᠯ 2024 ᠣᠨ ᠤ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠪᠠᠶᠢᠵᠦ᠂ | ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ | ᠨᠢᠭᠡᠴᠢ ᠨᠢ ᠳᠤᠮᠳᠠᠳᠤ ᠤᠯᠤᠰ ᠤᠨ ᠣᠩᠭᠤᠴᠠᠨ ᠤ ᠰᠠᠯᠬᠢ ᠴᠠᠬᠢᠯᠭᠠᠨ ︵ᠰᠢᠯᠢ ᠶᠢᠨ ᠭᠤᠣᠯ︶ ᠤ ᠰᠢᠨ᠎ᠡ ᠡᠨᠧᠷᠭᠢ | ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠪᠠᠶᠢᠵᠦ᠂ ᠲᠥᠷᠥᠯ ᠵᠦᠶᠯ ᠤᠨ ᠭᠤᠤᠯ ᠢᠨᠵᠧᠨᠧᠷᠢᠩ ᠳᠤ ᠰᠢᠨ᠎ᠡ ᠪᠠᠷ | ᠪᠠᠶᠢᠭᠤᠯᠤᠭᠰᠠᠨ 220 kv ᠳᠠᠷᠤᠯᠲᠠ ᠳᠡᠭᠡᠭᠰᠢᠯᠡᠭᠦᠯᠬᠦ ᠥᠷᠲᠡᠭᠡ 1 ᠶᠢ ᠪᠠᠭᠲᠠᠭᠠᠵᠤ᠂ 24 ᠰᠠᠭᠤᠷᠢ ᠲᠠᠩ | ᠮᠠᠰᠢᠨ ᠤ ᠪᠠᠭᠲᠠᠭᠠᠮᠵᠢ ᠨᠢ 10MW ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ | ᠤᠠᠠᠰᠠᠷᠠᠬᠤ ᠪᠤᠯᠥᠨ᠎ᠠ᠃ | ᠲᠥᠷᠥᠯ ᠵᠦᠶᠯ ᠤᠨ ᠳᠠᠭᠠᠭᠠᠮᠠᠯ ᠯᠢ ᠹᠧᠩ ᠵᠢᠶᠦ᠋ᠨ᠄ ︽ᠳᠤᠮᠳᠠᠳᠤ ᠤᠯᠤᠰ ᠤᠨ ᠣᠩᠭᠤᠴᠠᠨ ᠤ ᠰᠢᠯᠤᠭᠤᠨ | ᠬᠥᠬᠡ ᠬᠤᠰᠢᠭᠤᠨ ᠤ 300 MW ᠬᠡᠷᠡᠯ ᠡᠨᠧᠷᠭᠢ ᠬᠠᠳᠠᠭᠠᠯᠠᠬᠤ ᠲᠥᠷᠥᠯ ᠵᠦᠶᠯ ᠨᠢ ᠰᠢᠯᠤᠭᠤᠨ ᠬᠥᠬᠡ | ᠬᠤᠰᠢᠭᠤᠨ ᠤ ᠪᠣᠱᠣᠣᠳᠠᠢ ᠰᠤᠮᠤᠨ ᠤ ᠬᠢᠯᠢ ᠳᠤ ᠪᠠᠶᠢᠷᠢᠯᠠᠵᠤ᠂ 240 MW ᠶᠢᠨ ᠰᠠᠯᠬᠢᠨ ᠬᠦᠴᠦᠨ ᠤ | ᠴᠠᠬᠢᠯᠭᠠᠨ ᠪᠠ 60 MW ᠶᠢᠨ ᠬᠡᠷᠡᠯ ᠴᠡᠨᠡᠭ ᠪᠠᠶᠢᠵᠤ᠂ 8 ᠰᠠᠷ᠎ᠠ ᠶᠢᠨ 20 ᠤ ᠡᠳᠦᠷ ᠠᠴᠠ ᠵᠢᠩᠬᠢᠨᠢ ᠪᠠᠷ | ᠪᠠᠷᠢᠯᠭ᠎ᠠ ᠡᠬᠢᠯᠡᠭᠰᠡᠨ᠂ ᠤᠳᠤ ᠰᠠᠯᠬᠢᠨ ᠬᠦᠴᠦᠨ ᠤ ᠰᠠᠭᠤᠷᠢ ᠪᠠᠭᠠᠨ᠎ᠠ ᠶᠢᠨ ᠪᠠᠷᠢᠯᠭ᠎ᠠ ᠨᠢᠭᠡᠨᠲᠡ 3 ᠶᠢ | ᠳᠠᠭᠤᠰᠬᠠᠵᠤ᠂ ᠡᠯ᠎ᠡ ᠵᠦᠶᠯ ᠤᠨ ᠠᠵᠢᠯ ᠤᠷᠤᠭᠰᠢᠲᠠᠶ ᠶᠠᠪᠤᠭᠳᠠᠵᠤ ᠪᠣᠶ︾ ᠬᠡᠯᠡ᠃ | ᠣᠳᠣᠬᠠᠨ ᠳᠤ᠂ ᠳᠤᠮᠳᠠᠳᠤ ᠤᠯᠤᠰ ᠤᠨ ᠣᠩᠭᠤᠴᠠᠨ ᠤ ᠰᠢᠯᠤᠭᠤᠨ ᠬᠥᠬᠡ ᠬᠤᠰᠢᠭᠤᠨ ᠤ 300 MW | ᠥᠨᠳᠥᠷ ᠬᠦᠴᠦᠳᠡᠯᠳᠦ ᠭᠤᠷᠪᠠᠳᠤᠭᠠᠷ ᠬᠤᠭᠤᠴᠠᠭᠠᠨ ᠤ ᠰᠠᠯᠬᠢ ᠬᠡᠷᠡᠯ ᠬᠠᠳᠠᠭᠠᠯᠠᠬᠤ ᠢ ᠨᠢᠭᠡ ᠴᠣᠭᠴᠠᠵᠢᠭᠤᠯᠬᠤ | ᠲᠥᠷᠥᠯ ᠵᠦᠶᠯ ᠢ ᠲᠣᠭᠲᠠᠭᠰᠠᠨ ᠲᠥᠯᠥᠪᠵᠢᠭᠦᠯᠭᠡ ᠶᠣᠰᠣᠭᠠᠷ ᠪᠥᠲᠥᠭᠡᠨ ᠪᠠᠶᠢᠭᠤᠯᠵᠤ᠂ 2025 ᠣᠨ ᠤ 10 | ᠰᠠᠷ᠎ᠠ ᠶᠢᠨ 30 ᠤ ᠡᠳᠦᠷ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ ᠪᠣᠢ᠃ ᠲᠣᠰ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠲᠤᠬᠠᠶ ᠶᠢᠨ ᠭᠠᠵᠠᠷ ᠤᠨ ᠡᠨᠧᠷᠭᠢ ᠶᠢᠨ ᠪᠦᠲᠦᠴᠡ | ᠶᠢ ᠰᠢᠯᠢᠳᠡᠭᠵᠢᠭᠦᠯᠦᠨ᠂ ᠴᠡᠪᠡᠷ ᠡᠨᠧᠷᠭᠢ ᠶᠢᠨ ᠡᠵᠡᠯᠡᠬᠦ ᠬᠠᠷᠢᠴᠠᠯ ᠢ ᠢᠯᠡᠳᠲᠡ ᠳᠡᠭᠡᠭᠰᠢᠯᠡᠭᠦᠯᠵᠦ᠂ ᠡᠨᠧᠷᠭᠢ ᠶᠢᠨ | ᠪᠣᠬᠢᠷᠲᠤᠯ ᠥᠬᠡᠶ᠂ ᠦᠷᠭᠦᠯᠵᠢᠯᠡᠬᠦ ᠴᠢᠭᠯᠡᠯ ᠳᠠᠰᠢ ᠬᠥᠭᠵᠢᠨ ᠲᠠᠰ ᠳᠡᠪᠰᠢᠬᠦ ᠵᠢᠠᠬᠢᠭᠤᠯᠥᠨ᠂ ᠪᠥᠬᠦ ᠬᠤᠰᠢᠭᠤᠨ ᠤ | ᠠᠵᠤ ᠠᠬᠤᠶ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠶᠢᠨ ᠬᠢᠨ ᠠᠮᠤᠷ | ᠲᠦᠪᠰᠢᠨ᠂ ᠶᠠᠰᠤ ᠴᠢᠨᠠᠷ ᠢ ᠪᠠᠳᠣᠯᠠᠵᠣ᠂ ᠠᠵᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢ | ᠠᠳᠬᠤᠵᠤ᠂ ᠪᠠᠷᠢᠯᠭ᠎ᠠ ᠶᠢᠨ ᠲᠥᠰᠦᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠶᠯ ᠤᠨ ᠪᠠᠷᠢᠯᠭ᠎ᠠ ᠶᠢᠨ | ᠡᠭᠦᠷᠭᠡ ᠶᠢ ᠲᠦᠷᠭᠡᠳᠬᠡᠨ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ ᠮᠠᠲ᠋ᠧᠷᠢᠶᠠᠯ ᠬᠠᠩᠭᠠᠬᠤ᠂ ᠬᠥᠮᠦᠨ | ᠲᠣᠬᠢᠷᠠᠭᠤᠯᠬᠤ ᠵᠡᠷᠭᠡ ᠡᠯ᠎ᠡ ᠭᠤᠭᠴᠤᠭ᠎ᠠ ᠳᠤ ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠶ | ᠠᠬᠢᠭᠤᠯᠵᠤ᠂ ᠲᠥᠷᠥᠯ ᠵᠦᠶᠯ ᠤᠨ ᠲᠥᠷᠭᠡᠨ ᠠᠰᠢᠭᠯᠠᠯᠲᠠ ᠳᠤ ᠤᠷᠤᠭᠤᠯᠬᠤ ᠪᠠᠷᠴᠢᠷᠮᠠᠶᠢᠵᠤ ᠪᠠᠶᠢᠨ᠎ᠠ᠃ | |