ᠰᠢᠯᠤᠭᠤᠨ ᠬᠥᠬᠡ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠲᠠᠢ ᠬᠤᠯᠪᠤᠭᠳᠠᠬᠤ ᠳᠥᠰᠥᠯ ᠢ ᠡᠯᠰᠡᠬᠦ ᠲᠤᠬᠠᠶ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/11/14
      ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠠᠴᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠴᠢᠬᠤᠯᠠ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠠᠵᠢᠯ ᠢ ᠨᠠᠶᠢᠳᠠᠪᠤᠷᠢᠵᠢᠭᠤᠯᠤᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠨ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠬᠡᠷᠡᠭᠵᠢᠬᠦᠯᠦᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠬᠦᠯᠦᠨ᠂ 2025 ᠣᠨ ᠤ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠲᠠᠢ ᠬᠤᠯᠪᠤᠭᠳᠠᠬᠤ ᠳᠥᠰᠥᠯ ᠢ ᠨᠢᠭᠡᠳᠦᠯᠲᠡᠢ ᠲᠥᠯᠦᠪᠯᠡᠵᠦ᠂ ᠲᠥᠰᠥᠯ ᠤᠨ ᠰᠣᠩᠭᠤᠯᠲᠠ ᠳᠤ ᠣᠯᠠᠨ ᠲᠦᠮᠡᠨ ᠢ ᠣᠷᠣᠯᠴᠠᠭᠤᠯᠤᠨ᠂ ᠬᠡᠷᠡᠭᠵᠢᠭᠦᠯᠬᠦ ᠳᠥᠰᠥᠯ ᠢ ᠠᠷᠠᠳ ᠲᠦᠮᠡᠨ ᠤ ᠰᠡᠳᠬᠢᠯ ᠳᠤ ᠨᠡᠶᠢᠴᠡᠭᠦᠯᠵᠦ᠂ ᠠᠮᠢᠳᠤᠷᠠᠯ ᠳᠤ ᠣᠶᠢᠷᠠᠲᠠᠭᠤᠯᠤᠨ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠬᠠᠤᠯᠢᠵᠢᠲᠤ ᠴᠢᠨᠠᠷ ᠢ ᠳᠡᠭᠡᠭᠰᠢᠯᠡᠭᠦᠯᠬᠦ ᠶᠢᠨ ᠲᠤᠯᠠᠳᠠ᠂ 2025 ᠣᠨ ᠤ ᠠᠷᠠᠳ ᠤᠨ ᠠᠮᠢᠳᠤᠷᠠᠯ ᠲᠠᠢ ᠬᠤᠯᠪᠤᠭᠳᠠᠬᠤ ᠳᠥᠰᠥᠯ ᠢ ᠨᠡᠶᠢᠭᠡᠮ ᠨᠡᠶᠢᠲᠡ ᠠᠴᠠ ᠰᠠᠨᠠᠯ ᠬᠤᠷᠢᠶᠠᠨ ᠡᠯᠰᠡᠬᠦ ᠪᠠᠷ ᠪᠣᠯᠤᠯ᠎ᠠ᠂ ᠲᠣᠣᠷ᠎ᠠ ᠬᠠᠮᠢᠶ᠎ᠠ ᠪᠦᠬᠦᠢ ᠵᠦᠢᠯᠡᠰ ᠢ ᠮᠡᠳᠡᠭᠳᠡᠶ᠎ᠡ᠄ᠨᠢᠭᠡ᠂ ᠡᠯᠰᠡᠬᠦ ᠴᠠᠭ      ᠲᠣᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 11 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨᠠᠬᠢ 17 ᠴᠠᠭ ᠪᠣᠯᠲᠠᠯ᠎ᠠ᠃ᠬᠤᠶᠠᠷ᠂ ᠡᠯᠰᠡᠬᠦ ᠠᠭᠤᠯᠭ᠎ᠠ      ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠣᠯᠠᠨ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠠᠮᠤᠭᠤᠯᠠᠩ ᠠᠵᠤ ᠲᠦᠷᠦᠭᠦ︾ ᠶᠢ ᠪᠠᠲᠤᠯᠠᠵᠤ ᠂ ᠣᠯᠠᠨ ᠲᠦᠮᠡᠨ ᠤ ︽ᠰᠠᠨᠠᠭ᠎ᠠ ᠵᠣᠪᠠᠵᠤ ᠪᠠᠶᠢᠭ᠎ᠠ ᠠᠰᠠᠭᠤᠳᠠᠯ︾ ᠢ ᠦᠨᠡᠨᠬᠦ ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠨ᠂ ︽ᠠᠷᠠᠳ ᠲᠤ ᠦᠢᠯᠡᠴᠢᠯᠡᠬᠦ᠂ ᠠᠷᠠᠳ ᠲᠤ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠨᠢᠭᠡ ᠪᠦᠯᠦᠭ ᠳᠥᠰᠥᠯ ᠢ ᠡᠯᠰᠡᠨ ᠴᠤᠭᠯᠠᠭᠤᠯᠬᠤ ᠪᠠᠷ ᠪᠤᠢ᠃ ᠳᠥᠰᠥᠯ ᠳᠤ ᠭᠤᠤᠯᠳᠠᠭᠤ᠄ ᠠᠵᠢᠯ ᠣᠯᠭᠤᠬᠤ ᠪᠣᠯᠪᠠᠰᠤᠷᠠᠯ ᠰᠤᠷᠭᠠᠯᠲᠠ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠠᠬᠤᠢ ᠶᠢᠨ ᠵᠠᠰᠠᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠦᠢᠯᠡᠴᠢᠯᠡᠭᠡ᠂ ᠠᠶᠤᠯᠬᠦᠢ ᠶᠢᠨ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠬᠥᠳᠡᠭᠡ ᠣᠷᠣᠨ ᠢ ᠬᠦᠴᠦᠷᠬᠡᠭᠵᠢᠬᠦᠯᠬᠦ ᠵᠡᠷᠭᠡ ᠬᠦᠷᠢᠶ᠎ᠡ ᠴᠠᠷᠠᠭ᠎ᠠ ᠪᠠᠭᠲᠠᠨ᠎ᠠ᠃ᠭᠤᠷᠪᠠ᠂ ᠡᠯᠰᠡᠬᠦ ᠱᠠᠭᠠᠷᠳᠠᠯᠭ᠎ᠠ      ᠳᠥᠰᠥᠯ ᠨᠢ ᠬᠡᠷᠡᠭᠵᠢᠬᠦᠯᠵᠦ ᠪᠣᠯᠬᠤᠶᠢᠴᠠ ᠴᠢᠨᠠᠷ᠂ ᠲᠥᠯᠥᠭᠡᠯᠡᠬᠦ ᠴᠢᠨᠠᠷ᠂ ᠪᠦᠬᠦ ᠲᠠᠯ᠎ᠠ ᠶᠢᠨ ᠴᠢᠨᠠᠷ ᠲᠠᠢ ᠮᠥᠷᠲᠡᠭᠡᠨ ᠬᠠᠮᠤᠷᠬᠤ ᠬᠡᠪᠴᠢᠶ᠎ᠡ ᠪᠣᠯᠤᠨ ᠠᠰᠢᠭ ᠬᠦᠷᠲᠡᠬᠦ ᠬᠡᠪᠴᠢᠶ᠎ᠡ ᠪᠠᠷ ᠥᠷᠭᠡᠨ ᠪᠠᠶᠢᠬᠤ ᠬᠡᠷᠡᠭᠲᠡᠶ᠃ ᠵᠠᠷᠴᠢᠮ ᠳᠡᠭᠡᠷ᠎ᠡ ᠪᠠᠨ ᠲᠤᠬᠠᠶ ᠶᠢᠨ ᠵᠢᠯ ᠳᠤ ᠪᠠᠨ ᠪᠡᠶᠡᠯᠡᠭᠦᠯᠵᠦ ᠳᠡᠶᠢᠯᠬᠦ ᠲᠦᠰᠦᠯ ᠢ ᠡᠯᠰᠡᠨ᠎ᠡ᠃ᠳᠥᠷᠪᠡ᠂ ᠮᠡᠳᠡᠭᠦᠯᠬᠦ ᠠᠷᠭ᠎ᠠ ᠳᠣᠣᠷᠠᠬᠢ ᠬᠤᠶᠠᠷ ᠵᠦᠢᠯ ᠤᠨ ᠠᠷᠭ᠎ᠠ ᠪᠠᠷ ᠮᠡᠳᠡᠭᠦᠯᠵᠦ ᠪᠣᠯᠤᠨ᠎ᠠ᠄      1. ᠲᠤᠰ QR ᠺᠣᠳ᠋ ᠢ ᠭᠠᠷ ᠤᠲᠠᠰᠤ ᠪᠠᠷ ᠢᠶᠠᠨ ᠤᠩᠰᠢᠭᠤᠯᠵᠤ᠂ ᠲᠠᠭᠯᠠᠵᠤ ᠮᠡᠳᠡᠭᠦᠯᠦᠨ᠎ᠡ᠃
01.png
      2. ᠤᠭ ᠨᠡᠶᠢᠲᠡᠯᠡᠯ ᠢ ᠲᠣᠶ᠋ᠢᠵᠤ ︵https://docs.qq.com/scenario/h5-open-hook.html?globalPadId=300000000$ctdSVrLNMGFM&redirect_url=https%3A%2F%2Fdocs.qq.com%2Fsheet%2FDY3RkU1ZyTE5NR0ZN︶᠂ ︽2025 ᠣᠨ ᠤ ᠠᠷᠠᠳ ᠤᠨ ᠠᠮᠢᠳᠤᠷᠠᠯ ᠲᠠᠢ ᠬᠤᠯᠪᠤᠭᠳᠠᠬᠤ ᠳᠥᠰᠥᠯ ᠢ ᠡᠯᠰᠡᠨ ᠴᠤᠭᠯᠠᠭᠤᠯᠬᠤ ᠬᠦᠰᠦᠨᠦᠭᠲᠦ︾ ᠶᠢ ᠪᠠᠭᠤᠯᠭᠠᠨ᠂ ᠳᠥᠷᠢᠮᠵᠢᠭᠦᠨ ᠲᠠᠭᠯᠠᠭᠰᠠᠨ ᠤ ᠳᠠᠷᠠᠭ᠎ᠠ᠂ ᠴᠠᠬᠢᠮ ᠬᠡᠪᠯᠡᠯ ᠤᠨ ᠬᠦᠰᠦᠨᠦᠭᠲᠦ ᠪᠠᠨ 670708237@qq.com ᠢᠮᠧᠯ ᠬᠠᠶ᠋ᠢᠭ ᠤᠷᠤᠭᠤ ᠶᠠᠪᠤᠭᠤᠯᠤᠭᠠᠷᠠᠢ᠃︵ᠬᠠᠷᠢᠯᠴᠠᠬᠤ ᠬᠥᠮᠦᠨ᠄ ᠶᠠᠨ ᠰᠢᠦᠢ᠂ 4220438︶                                                                    ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠠ ᠭᠡᠷ                                                                                   2024 ᠣᠨ ᠤ 11 ᠰᠠᠷ᠎ᠠ ᠶᠢᠨ 11 ᠤ ᠡᠳᠦᠷ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号