ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 116 ᠳ᠋ᠤᠭᠠᠷ ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/13
    12 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 116 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠣᠨᠣᠯ ᠤᠨ ᠰᠣᠳᠣᠯᠣᠯᠳᠠ ᠪᠠ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠦ᠂ ᠪᠥᠬᠦ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠤᠰᠤᠳ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠢᠶᠠᠷ ᠲᠣᠭᠲᠠᠭᠠᠬᠤ ᠲᠦᠷᠢᠮ ᠤᠨ ᠠᠷᠠᠳ  ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠬᠢᠭᠤᠯᠤᠭᠰᠠᠨ ᠪᠠᠶᠢᠳᠠᠯ ᠵᠢᠴᠢ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠢᠶᠠᠷ ᠲᠣᠭᠲᠠᠭᠠᠬᠤ ᠲᠦᠷᠢᠮ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠲᠥᠯᠥᠪᠯᠡᠭᠰᠡᠨ ᠪᠠᠶᠢᠳᠠᠯ ᠢ ᠰᠣᠨᠣᠰᠣᠨ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠶᠳᠪᠦᠷᠢᠯᠡᠭᠰᠡᠨ‌‍ᠪᠠᠶᠢᠳᠠᠯ᠂ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠶᠴᠡᠳᠬᠡᠭᠰᠡᠨ ᠪᠠᠶᠢᠳᠠᠯ᠂ ᠰᠤᠷᠭᠠᠨ ᠬᠥᠮᠦᠵᠢᠯ ᠤᠨ ᠠᠵᠢᠯ ᠪᠠ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠥᠯᠥᠪᠯᠡᠭᠰᠡᠨ ᠪᠠᠶᠢᠳᠠᠯ ᠵᠡᠷᠭᠡ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠬᠠᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠮ ᠤᠨ ᠦᠵᠡᠯ ᠰᠠᠨᠠᠭ᠎ᠠ ᠣᠨᠣᠯ ᠤᠨ ᠪᠠᠶᠢᠭᠤᠯᠤᠯᠲᠠ ᠶᠢᠨ ᠰᠠᠭᠤᠷᠢ ᠢᠨᠵᠧᠨᠧᠷᠢᠩ᠂ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠪᠣᠯᠭᠠᠨ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠠᠴᠠ ᠴᠢᠭᠯᠡᠯ ᠂ ᠠᠷᠭ᠎ᠠ ᠡᠷᠢᠬᠦ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠤᠭᠤᠨ ᠬᠥᠬᠡ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ‌‍ᠰᠡᠳᠬᠢᠴᠡ‌ᠠᠷᠭ᠎ᠠ ᠬᠡᠮᠵᠢᠶ᠎ᠡ‌‍ᠪᠠ‌ᠡᠭᠦᠷᠭᠡ‌ᠬᠠᠷᠢᠭᠤᠴᠠᠯᠭ᠎ᠠ‌‍ᠪᠠᠨ ᠭᠦᠶᠴᠡᠳᠬᠡᠬᠦ ᠠᠵᠢᠯ ᠤᠨ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠢᠨᠵᠧᠨᠧᠷᠢᠩ ᠡᠷᠬᠡᠪᠰᠢ ᠶᠠᠰᠤ ᠴᠢᠨᠠᠷ ᠢ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠪᠠᠲᠤᠯᠠᠭ᠎ᠠ᠂ ᠳᠤᠯᠠᠭᠠᠯᠠᠭ᠎ᠠ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠭᠤᠣᠯᠳᠠᠯᠭ᠎ᠠ  ᠲᠠᠢ ᠲᠦᠷᠦᠯ ᠵᠦᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠲᠣᠭᠲᠠᠭᠠᠬᠤ ᠳᠠᠭᠠᠨ᠂ ᠣᠯᠠᠨ ᠲᠦᠮᠡᠨ ᠤ ᠪᠠᠴᠢᠮ᠂ ᠬᠦᠴᠢᠷ᠂ ᠰᠠᠨᠠᠭᠠᠰᠢᠷᠠᠵᠤ᠂ ᠬᠦᠰᠡᠵᠦ ᠪᠠᠶᠢᠭ᠎ᠠ ᠠᠰᠠᠭᠤᠳᠠᠯ  ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠷᠬᠤ ᠬᠡᠪᠴᠢᠶ᠎ᠡ ᠪᠠᠷ ᠥᠷᠭᠡᠨ᠂ ᠠᠰᠢᠭ ᠭᠥᠷᠳᠡᠬᠦ ᠬᠡᠪᠴᠢᠶ᠎ᠡ ᠪᠠᠷ ᠶᠡᠭᠡ ᠲᠥᠷᠥᠯ ᠵᠦᠢᠯ ᠢ ᠤᠷᠢᠳ ᠢᠶᠠᠷ ᠪᠣᠳᠣᠯᠬᠢᠯᠠᠵᠣ᠂ ᠠᠷᠠᠳ ᠣᠯᠠᠨ ᠤ ᠬᠦᠰᠡᠯ ᠡᠷᠡᠮᠡᠯᠵᠡᠯ ᠳᠤ ᠦᠨᠡᠨ ᠬᠦ ᠬᠠᠷᠢᠭᠤᠯᠲᠠ ᠥᠭᠬᠦ ᠬᠡᠷᠡᠭᠲᠡᠶ᠃ ᠡᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠲᠤᠰᠢᠶᠠᠨ ᠰᠢᠶᠳᠪᠦᠷᠢᠯᠡᠭᠦᠯᠬᠦ ᠵᠦᠶᠯᠡᠰ ᠤᠨ ᠬᠠᠤᠯᠢ ᠴᠠᠭᠠᠵᠠ ᠶᠢᠨ ᠲᠠᠰ ᠳᠠᠷᠠᠭᠠᠯᠠᠯ  ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠲᠥᠷᠥᠯ ᠵᠦᠶᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠶᠢ ᠪᠠᠲᠤᠯᠠᠬᠤ ᠬᠡᠷᠡᠭᠲᠡᠶ ᠬᠡᠯ᠎ᠡ᠃   ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ︵ᠲᠠᠯᠠᠪᠠᠶ︶ ᠪᠣᠯᠤᠨ ᠰᠠᠯᠠᠭ᠎ᠠ ᠮᠥᠴᠢᠷ ᠨᠢᠭᠡᠴᠡ ︽ᠭᠤᠷᠪᠠ ᠶᠢ ᠪᠠᠲᠤᠯᠠᠬᠤ︾ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠶᠠᠷ ᠱᠠᠲᠤᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ ᠪᠠᠭ ᠢ ᠰᠢᠯᠢᠳᠡᠭᠵᠢᠭᠦᠯᠦᠨ ᠭᠦᠶᠴᠡᠳ ᠲᠣᠬᠢᠷᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠰᠤᠷᠭᠠᠭᠤᠯᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠠᠵᠢᠯ ᠢ ᠭᠦᠨᠵᠡᠭᠡᠶ ᠰᠤᠳᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠬᠡᠵᠡᠢ᠃    ᠬᠤᠷᠠᠯ ᠠᠴᠠ ᠵᠢᠭᠠᠠᠠᠰᠠᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠᠬᠢ ᠭᠦᠢᠴᠡᠳ ᠪᠤᠰᠤ ᠵᠦᠢᠯ ᠳᠤ ᠴᠢᠭᠯᠡᠭᠦᠯᠦᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠢᠶᠠᠨ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠣᠭᠲᠠᠭᠠᠬᠤ ᠶᠠᠪᠤᠴᠠ ᠳᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠲᠥᠯᠥᠪᠵᠢᠭᠦᠯᠭᠡ ᠶᠢᠨ ᠠᠭᠤᠯᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠦᠨᠡᠨ ᠬᠦ ᠬᠡᠷᠡᠭᠵᠢᠭᠦᠯᠦᠭᠦᠰᠢᠲᠡᠶ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号