| ᠮᠠᠨ ᠤ ᠠᠶᠢᠮᠠᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠡᠵᠡᠩᠨᠡᠯᠲᠡ ᠬᠠᠮᠢᠶᠠᠷᠤᠯᠲᠠ | ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠶᠢᠮᠠᠭ ᠤᠨ ᠦᠶᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠪᠠᠶᠢᠩᠭᠤ ᠶᠢᠨ ᠭᠡᠰᠢᠭᠦᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠤᠳᠤᠷᠢᠳᠬᠤ | ᠴᠢᠳᠠᠪᠤᠷᠢ ᠵᠢᠲ᠋ᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 2 ᠤᠨ | ᠡᠳᠦᠷ᠂ ᠰᠢᠯᠢ ᠶᠢᠨ ᠭᠤᠤᠯ ᠠᠶᠢᠮᠠᠭ ᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠯᠤᠭᠤᠨ ᠬᠥᠬᠡ | ᠬᠤᠰᠢᠭᠤᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠮᠲᠤᠷᠠᠨ ᠡᠷᠭᠢᠯᠡᠵᠦ᠂ ᠰᠢᠯᠤᠭᠤᠨ ᠬᠥᠬᠡ ᠬᠤᠰᠢᠭᠤᠨ | ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠤᠳᠠᠯᠳᠤᠭᠠᠴᠢᠳ ᠤᠨᠡᠪᠯᠡᠯ᠂ ᠰᠢᠯᠢ ᠶᠢᠨ ᠭᠤᠤᠯ ᠠᠶᠢᠮᠠᠭ | ᠤᠨ ᠬᠤᠯᠪᠣᠭᠠᠯᠠᠨ ᠬᠥᠳᠡᠯᠦᠯᠴᠡᠬᠦ ᠴᠠᠬᠢᠯᠭᠠᠨ ᠱᠠᠲᠤ ᠶᠢᠨ ᠬᠢᠵᠠᠭᠠᠷᠲᠤ ᠺᠣᠮᠫᠠᠨᠢ ᠶᠢᠨ ᠬᠠᠮᠵᠢᠨ ᠡᠷᠭᠢᠯᠡᠭᠰᠡᠨ ᠪᠥᠬᠦ | ᠠᠶᠢᠮᠠᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠤᠳᠤᠷᠢᠳᠬᠤ ᠬᠦᠴᠦᠨ ᠤ ᠲᠦᠪᠰᠢᠨ ᠢ | ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯᠰᠢᠯᠤᠭᠤᠨ ᠬᠥᠬᠡ ᠬᠤᠰᠢᠭᠤᠨ ᠳᠤ ᠬᠢᠴᠢᠶᠡᠯ ᠡᠬᠢᠯᠡᠪᠡ᠃ ᠠᠶᠢᠮᠠᠭ | ᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠦᠸᠧ ᠬᠠᠶ ᠯᠦᠩ ᠰᠤᠷᠤᠯᠭ᠎ᠠ | ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠰᠢᠯᠤᠭᠤᠨ ᠬᠥᠬᠡ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠲᠡᠷᠢᠭᠦᠯᠡᠭᠴᠢ ᠼᠦᠢ ᠮᠢᠩ ᠬᠤᠸᠠ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ | ᠪᠣᠯᠪᠠᠰᠣᠷᠠᠯ ᠳᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠣᠭᠠᠴᠢᠯᠠᠭᠰᠠᠨ ᠣᠶᠤᠨᠴᠢ | ᠳᠠᠭᠠᠭᠤᠯᠤᠭᠴᠢ ᠴᠢᠳᠠᠪᠤᠷᠢᠲᠠᠨ ᠤ ᠵᠢᠯᠣᠭᠤᠳᠣᠭᠴᠢ ᠪᠠᠭᠰᠢ ᠪᠣᠶᠣ ᠵᠥᠪᠯᠡᠭᠴᠢ ᠯᠢᠦ ᠸᠧᠶ᠂ ᠭᠤᠤ ᠮᠢᠨ ᠬᠤᠶᠠᠷ | ᠵᠢᠯᠣᠭᠤᠳᠣᠭᠴᠢ ᠪᠠᠭᠰᠢ ᠵᠢᠴᠢ ᠪᠡᠭᠡᠵᠢᠩ ᠤᠨ ᠶᠢᠨ ᠼᠠᠢ ᠬᠤᠪᠢ ᠡᠵᠡᠮᠳᠡᠭᠰᠡᠨ ᠪᠦᠯᠬᠦᠮ ᠤᠨ ᠭᠤᠤᠯᠯᠠᠭᠴᠢ | ᠪᠦᠷᠢᠯᠳᠦᠬᠦᠨ ᠯᠢ ᠹᠸᠢ ᠢ ᠣᠷᠢᠨ ᠬᠢᠴᠢᠶᠡᠯᠯᠡᠬᠦᠯᠵᠦ᠂ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠳ᠋ ᠤᠨ | ᠶᠠᠪᠤᠳᠠᠯ ᠤᠨ ᠬᠠᠮᠢᠶᠠᠷᠤᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠲᠤᠰᠬᠠᠶ ᠰᠡᠳᠦᠪ ᠢᠶᠠᠷ | ᠬᠢᠴᠢᠶᠡᠯ ᠣᠷᠣᠵᠦ᠂ ᠠᠵᠤ ᠠᠬᠤᠶᠢᠯᠠᠯ ᠤᠨ ᠡᠵᠡᠩᠨᠡᠯᠲᠡ ᠳᠤᠮᠳᠠ ᠬᠡᠷᠬᠢᠨ ᠪᠣᠯᠪᠠᠰᠤᠷᠠᠯ ᠤᠨ ᠤᠳᠤᠷᠢᠳᠬᠤ | ᠬᠦᠴᠦᠨ ᠢ ᠪᠦᠲᠦᠮᠵᠢᠲᠡᠶ ᠬᠡᠷᠡᠭᠯᠡᠬᠦ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠪᠦᠲᠦᠴᠡ ᠪᠠᠨ ᠰᠢᠯᠢᠳᠡᠭᠵᠢᠭᠦᠯᠬᠦ | ᠳᠤ ᠬᠡᠷᠬᠢᠨ ᠬᠦᠴᠦᠨ ᠨᠡᠮᠡᠷᠢᠯᠡᠬᠦ᠂ ᠠᠵᠢᠯᠲᠠᠨ ᠤ ᠳᠠᠯᠳᠠ ᠴᠢᠳᠠᠪᠤᠷᠢ ᠶᠢ ᠬᠥᠭᠵᠢᠭᠡᠬᠦ᠂ ᠠᠷᠠᠳ ᠤᠨ ᠡᠵᠡᠩᠨᠡᠯᠲᠡ | ᠶᠢᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠰᠠᠭᠤᠳᠠᠯ ᠤᠨ | ᠲᠤᠭᠤᠷᠢᠨ ᠳᠤ ᠬᠢᠴᠢᠶᠡᠯᠯᠡᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ | ᠶᠠᠪᠤᠠᠠᠳᠠᠬᠤ ᠪᠣᠯᠤᠨ᠎ᠠ᠃ ᠲᠣᠰ ᠤᠳᠠᠭ᠎ᠠ ᠶᠢᠨ ᠪᠣᠯᠪᠠᠰᠤᠷᠠᠯ ᠨᠢ ᠠᠶᠢᠮᠠᠭ ᠤᠨ ᠦᠶᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠢᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ︽ᠬᠤᠶᠠᠷ ᠡᠷᠡᠭᠦᠯ ᠬᠥᠭᠵᠢᠯᠲᠡ︾ ᠶᠢ | ᠠᠬᠢᠭᠤᠯᠵᠤ᠂ ᠠᠷᠠᠳ ᠤᠨ ᠡᠵᠡᠩᠨᠡᠯᠲᠡᠶᠢᠨᠠᠵᠤ ᠠᠬᠤᠶᠢᠯᠠᠯᠲᠠᠨ ᠤ ᠬᠠᠮᠢᠶᠠᠷᠤᠯᠲᠠ ᠶᠢᠨ ᠴᠢᠳᠠᠪᠤᠷᠢ ᠶᠢᠨ | ᠳᠡᠭᠡᠭᠰᠢᠯᠡᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠥᠬᠡᠶ᠂ ᠨᠠᠩ ᠴᠤ | ᠡᠯᠡᠠᠵᠤᠠᠬᠤᠶᠢᠯᠠᠯᠲᠠᠳ ᠲᠤ ᠬᠠᠷᠢᠯᠴᠠᠨ ᠰᠤᠷᠤᠯᠴᠠᠬᠤ᠂ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠬᠠᠮᠲᠤ ᠪᠠᠷ | ᠳᠡᠭᠡᠭᠰᠢᠯᠡᠭᠦᠯᠬᠦ ᠰᠣᠯᠢᠯᠴᠠᠭᠠᠨ ᠤ ᠲᠠᠪᠴᠠᠩᠬᠠᠩᠭᠠᠪᠠ᠃ | ᠪᠦᠬᠦ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠪᠠᠶᠢᠩᠭᠤ | ᠶᠢᠨ ᠭᠡᠰᠢᠭᠦᠨ ᠠᠵᠤ ᠠᠬᠤᠶᠢᠯᠠᠯᠲᠠᠨ 60 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ | |