ᠰᠢᠯᠤᠭᠤᠨ ᠬᠥᠬᠡ ᠬᠤᠰᠢᠭᠤ ᠰᠢᠯᠢ ᠶᠢᠨ ᠭᠤᠤᠯ ᠠᠶᠢᠮᠠᠭ ᠤᠨ ᠬᠤᠲᠠ ᠬᠥᠳᠡᠭᠡ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠢᠨ‌‍ᠲ᠋ᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/13
        12 ᠳ᠋ᠤᠭᠠᠷ ᠰᠠᠷ᠎ᠠ ᠶᠢᠨ 2 ᠤᠨ ᠡᠳᠦᠷ᠂ ᠰᠢᠯᠤᠭᠤᠨ ᠬᠥᠬᠡ ᠬᠤᠰᠢᠭᠤ ᠰᠢᠯᠢ ᠶᠢᠨ ᠭᠤᠤᠯ ᠠᠶᠢᠮᠠᠭ ᠤᠨ ᠬᠤᠲᠠ ᠬᠥᠳᠡᠭᠡ ᠶᠢᠨ ᠪᠠᠯᠠ ᠣᠷᠣᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠣᠭᠤᠯᠵᠦ᠂ ᠣᠶ ᠰᠢᠭᠤᠶ ᠡᠪᠡᠰᠦ ᠪᠡᠯᠴᠢᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ᠂ ᠶᠡᠭᠡ ᠲᠤᠭ᠎ᠠ ᠪᠠᠷᠢᠮᠳᠠ᠂ ᠤᠰᠤᠨ ᠤ ᠡᠬᠢ ᠪᠠᠶᠠᠯᠢᠭ ᠵᠡᠷᠭᠡ ᠬᠦᠷᠢᠶᠡᠨ  ᠳᠠᠬᠢ ᠲᠥᠷᠥᠯ ᠵᠦᠶᠯ ᠤᠨ ᠲᠣᠭᠤᠷᠢᠨ ᠳᠤ ᠶᠠᠷᠢᠯᠴᠠᠭ᠎ᠠ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠬᠤᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠮᠠ ᠷᠦᠢ᠂ ᠶᠡᠷᠦᠩᠬᠡᠶ ᠳᠠᠭᠠᠭᠠᠮᠠᠯ ᠯᠢᠶᠠᠩ ᠴᠧᠨ ᠫᠧᠩ᠂ ᠤᠮᠠᠷᠠᠲᠤ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠡᠷᠡᠭ ᠮᠡᠳᠡᠭᠴᠢᠳ ᠤᠨ ᠳᠠᠷᠤᠭ᠎ᠠ ᠡᠸᠤ ᠰᠢ ᠳ᠋ᠦᠩ᠂ ᠳᠡᠳ᠋ ᠬᠤᠰᠢᠭᠤ ᠳᠠᠷᠤᠭ᠎ᠠ ᠠᠮᠵᠢᠯᠳᠣ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠬᠤᠷᠠᠯ ᠢ ᠡᠷᠭᠢᠯᠡᠪᠡ᠃     ᠶᠠᠷᠢᠯᠴᠠᠬᠤ ᠬᠤᠷᠠᠯ ᠳᠡᠭᠡᠷ᠎ᠡ᠂ ᠰᠢᠯᠢ ᠶᠢᠨ ᠭᠤᠤᠯ ᠠᠶᠢᠮᠠᠭ ᠤᠨ ᠬᠤᠲᠠ ᠬᠥᠳᠡᠭᠡ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠠ ᠷᠦᠢ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠢᠷᠡᠭᠡᠳᠦᠶ ᠶᠢᠨ ᠲᠤᠬᠠᠶᠢᠯᠠᠭᠰᠠᠨ ᠠᠵᠢᠯ ᠤᠨ ᠥᠷᠭᠡᠳᠬᠡᠯ᠂ ᠰᠢᠯᠤᠭᠤᠨ ᠬᠥᠬᠡ ᠬᠤᠰᠢᠭᠤ ᠯᠤᠭ᠎ᠠ  ᠶᠢᠨ ᠬᠠᠮᠲᠤᠷᠠᠯᠴᠠᠭᠠᠨ ᠤ ᠲᠤᠬᠠᠢ ᠲᠠᠨᠢᠯᠴᠠᠭᠤᠯᠭ᠎ᠠ ᠬᠢᠯ᠎ᠡ᠃     ᠶᠠᠷᠢᠯᠴᠠᠬᠤ ᠬᠤᠷᠠᠯ ᠢᠶᠠᠷ ᠳᠠᠮᠵᠢᠨ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ  ᠲᠠᠢ ᠪᠤᠯᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃    ᠯᠢ ᠪᠥᠸᠧ ᠹᠧᠩ ᠢᠯᠡᠷᠬᠡᠶᠢᠯᠡᠬᠦ ᠳᠡᠭᠡᠨ᠂ ᠰᠢᠯᠤᠭᠤᠨ ᠬᠦᠬᠡ ᠬᠤᠰᠢᠭᠤ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ᠂ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠣᠯᠤᠨ ᠪᠠᠲᠤ ᠪᠠᠬᠢ ᠠᠵᠤ ᠦᠢᠯᠡᠰ ᠤᠨ ᠰᠠᠭᠤᠷᠢ ᠲᠠᠢ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠶᠤᠮ᠃ ᠰᠢᠯᠤᠭᠤᠨ ᠬᠥᠬᠡ ᠬᠤᠰᠢᠭᠤ ᠲᠣᠰ ᠤᠳᠠᠭᠠᠨ ᠤ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠲᠥᠷᠥᠯ ᠵᠦᠶᠯ ᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠶᠢᠮᠠᠭ ᠬᠤᠲᠠ  ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠲᠠᠢ ᠨᠠᠩ ᠶᠡᠭᠡ ᠬᠡᠪᠴᠢᠶ᠎ᠡ᠂ ᠨᠠᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠪᠠᠷ ᠴᠢᠷᠮᠠᠶᠢᠵᠤ᠂ ᠠᠵᠤ ᠦᠶᠯᠡᠰ ᠤᠨ ᠲᠠᠰ ᠳᠡᠪᠰᠢᠬᠦ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ ᠬᠡᠯ᠎ᠡ᠃     ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号