| | ᠡᠨᠡ ᠵᠢᠯ ᠤᠨ 12 ᠰᠠᠷ᠎ᠠ ᠶᠢᠨ 2 ᠤᠨ ᠡᠳᠦᠷ ᠪᠣᠯ ᠠᠷᠪᠠᠨ ᠭᠤᠷᠪᠠᠳᠠᠬᠢ 122 ︽ᠪᠥᠬᠦ ᠤᠯᠤᠰ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠪᠠᠶᠢᠵᠦ᠂ ︽ᠪᠣᠯᠪᠠᠰᠤᠨ ᠵᠠᠮ ᠬᠠᠷᠢᠯᠴᠠᠭ᠎ᠠ ᠶᠢ ᠬᠠᠮᠳᠣ ᠪᠠᠷ | ᠡᠬᠦᠳᠬᠦ︾ ᠭᠤᠤᠯ ᠰᠡᠳᠦᠪ ᠤᠨ ᠲᠣᠭᠤᠷᠢᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠢ ᠴᠢᠩᠭᠠᠳᠬᠠᠬᠤ ᠲᠤᠬᠠᠶ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠥᠬᠦ ᠠᠷᠠᠳ ᠤᠨ | ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠳᠡᠯ ᠡᠭᠦᠰᠬᠦ | ᠶᠢ ᠪᠠᠭᠠᠰᠬᠠᠬᠤ ᠶᠢᠨ ᠲᠥᠯᠥᠭᠡ᠂ 12 ᠰᠠᠷ᠎ᠠ ᠶᠢᠨ 2 ᠤᠨ ᠡᠳᠦᠷ᠂ ᠰᠢᠯᠤᠭᠤᠨ ᠬᠥᠬᠡ ᠬᠤᠰᠢᠭᠤᠨ ᠤ ︽122︾ | ᠤᠨ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠳᠤ ᠶᠠᠪᠤᠠᠠᠳ᠋ᠬᠠᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠰᠢᠭᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠰᠢᠭᠤ ᠰᠦᠯᠵᠢᠶᠡᠨ ᠤ ᠠᠮᠤᠷ ᠲᠦᠪᠰᠢᠨ ᠤ | ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠠᠴᠠ ᠭᠤᠤᠯᠯᠠᠨ ᠡᠷᠭᠢᠯᠡᠵᠦ᠂ ᠰᠤᠷᠭᠠᠨ ᠬᠥᠮᠦᠵᠢᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤᠬᠠᠮᠢᠶᠠᠷᠤᠯᠲᠠ ᠶᠢᠨ ᠲᠣᠪᠴᠢᠶ᠎ᠠ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤ ᠡᠪᠯᠡᠯ ᠤᠨ ᠬᠤᠷᠢᠶ᠎ᠠ᠂ ᠬᠠᠮ ᠵᠠᠭᠤᠴᠢᠯᠠᠭᠤᠷ ᠤᠨ | ᠲᠥᠪ᠂ ᠱᠠᠩᠳᠤ ᠶᠢᠨ ᠲᠦᠷᠢᠶᠡᠰᠦᠨ ᠮᠠᠰᠢᠨ ᠤ ᠬᠢᠵᠠᠭᠠᠷᠲᠤ ᠺᠣᠮᠫᠠᠨᠢ ᠵᠡᠷᠭᠡ ᠨᠢᠭᠡᠴᠢ ᠠᠵᠤ ᠠᠬᠤᠶᠢᠯᠠᠯ | ᠣᠷᠣᠯᠴᠠᠵᠠᠢ᠃ | ᠶᠣᠰᠣᠯᠠᠯ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠲᠣᠪᠴᠢᠶᠠᠨ ᠳᠠᠷᠤᠭ᠎ᠠ ᠣᠶᠢᠷ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ | ᠮᠡᠳᠡᠭᠳᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠤᠨ ᠳᠤᠮᠳᠠᠬᠢ ᠰᠢᠨ᠎ᠡ ᠠᠷᠭ᠎ᠠ ᠬᠡᠮᠵᠢᠶ᠎ᠡ ᠶᠢ ᠲᠠᠨᠢᠯᠴᠠᠭᠤᠯᠤᠭᠰᠠᠨ ᠪᠥᠭᠡᠳ ᠲᠣᠰ ᠵᠢᠯ | ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠦᠷ᠎ᠡ ᠪᠦᠲᠦᠭᠡᠯ ᠢ ᠨᠡᠶᠢᠲᠡᠯᠡᠪᠡ᠃ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ | ᠠᠴᠠ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠢ ᠴᠢᠬᠤᠯᠠᠴᠢᠯᠠᠵᠤ᠂ ᠨᠡᠶᠢᠭᠡᠮ ᠤᠨ ᠡᠯ᠎ᠡ | ᠡᠲᠡᠭᠡᠳ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠬᠤ ᠶᠢ | ᠤᠷᠢᠶᠠᠯᠠᠪᠠ᠃ ᠠᠵᠢᠯᠯᠠᠭ᠎ᠠ ᠳᠤ ᠣᠷᠣᠯᠴᠠᠭᠰᠠᠳ ︽ᠪᠣᠯᠪᠠᠰᠤᠨ ᠵᠠᠮ ᠬᠠᠷᠢᠯᠴᠠᠭ᠎ᠠ ᠶᠢ ᠬᠠᠮᠳᠣ ᠪᠠᠷ ᠡᠬᠦᠳᠬᠦ︾ | ᠬᠥᠨᠳᠡᠯᠡᠨ ᠪᠢᠴᠢᠭᠡᠰᠦ ᠳᠡᠭᠡᠷ᠎ᠡ ᠭᠠᠷ ᠤᠨ ᠦᠰᠦᠭ ᠵᠢᠷᠤᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ | ᠴᠢᠨᠠᠷ ᠤᠨ ᠲᠤᠬᠠᠢ ᠭᠦᠨᠵᠡᠭᠡᠢ ᠲᠠᠨᠢᠯᠲᠠ ᠪᠣᠯᠤᠨ ᠢᠷᠡᠭᠡᠳᠦᠢ ᠶᠢᠨ ᠵᠠᠮ ᠬᠠᠷᠢᠯᠴᠠᠭᠠᠨ ᠤ ᠣᠷᠴᠢᠨ ᠨᠦᠬᠦᠴᠡᠯ ᠢ | ᠰᠠᠶᠢᠵᠢᠷᠠᠭᠤᠯᠬᠤ ᠲᠤᠬᠠᠢ ᠴᠢᠩ ᠰᠡᠳᠬᠢᠯ ᠤᠨ ᠬᠦᠰᠡᠯ ᠡᠷᠡᠮᠡᠯᠵᠡᠯ ᠲᠠᠯᠪᠢᠵᠠᠢ᠃ | ᠶᠣᠰᠣᠯᠠᠯ ᠤᠨ ᠳᠠᠷᠠᠭ᠎ᠠ᠂ ᠡᠯ᠎ᠡ ᠨᠢᠬᠡᠴᠢ ᠲᠣᠰ ᠲᠣᠰ ᠸᠠᠨ ᠺᠧ ᠯᠦᠩ ᠬᠡᠲᠦ ᠳᠡᠯᠭᠡᠭᠦᠷ᠂ ᠰᠢᠯᠤᠭᠤᠨ ᠬᠥᠬᠡ | ᠬᠤᠰᠢᠭᠤᠨ ᠤ ᠮᠠᠰᠢᠨ ᠲᠡᠷᠭᠡᠨ ᠤ ᠥᠷᠲᠡᠭᠡ ᠳᠤ ᠭᠦᠨᠵᠡᠭᠡᠶᠢᠷᠡᠨ ᠤᠬᠠᠭᠤᠯᠭ᠎ᠠ ᠬᠢᠵᠦ᠂ ᠠᠵᠢᠯᠯᠠᠭ᠎ᠠ ᠶᠢᠨ ᠲᠤᠬᠠᠶ | ᠶᠢᠨ ᠲᠠᠯᠠᠪᠠᠶ ᠳᠤ ᠠᠰᠠᠭᠤᠨ ᠯᠠᠪᠯᠠᠬᠤ ᠲᠠᠪᠴᠠᠩ᠂ ᠴᠠᠭᠳᠠᠭᠠᠨ ᠤ ᠲᠣᠨᠤᠭ ᠲᠥᠬᠦᠭᠡᠷᠦᠮᠵᠢ ᠶᠢᠨ ᠦᠵᠡᠭᠦᠯᠦᠯᠭᠡ ᠶᠢᠨ | ᠲᠣᠭᠤᠷᠢᠭ᠂ ᠲᠣᠭᠯᠠᠭᠠᠮ ᠤᠨ ᠬᠠᠷᠢᠯᠴᠠᠨ ᠦᠶᠯᠡᠳᠦᠯᠴᠡᠬᠦ ᠲᠣᠭᠤᠷᠢᠭ᠂ ᠰᠣᠨᠢᠷᠬᠠᠯᠲᠤ ᠰᠡᠳᠦᠪ ᠬᠠᠷᠢᠭᠤᠯᠬᠤ | ᠲᠣᠭᠤᠷᠢᠭ᠂ ᠰᠤᠷᠭᠠᠨ ᠬᠥᠮᠦᠵᠢᠯ ᠤᠨ ᠰᠡᠷᠡᠮᠵᠢᠯᠡᠭᠦᠯᠬᠦ ᠲᠣᠭᠤᠷᠢᠭ ᠲᠣᠬᠢᠷᠠᠭᠤᠯᠵᠤ᠂ ᠣᠯᠠᠨ ᠬᠡᠯᠪᠡᠷᠢ ᠪᠠᠷ | ᠳᠠᠮᠵᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ | ᠵᠠᠮ ᠬᠠᠷᠢᠯᠴᠠᠭᠠᠨ ᠤ ᠲᠦᠷᠢᠮ ᠲᠣᠭᠲᠠᠭᠠᠯ ᠤᠨ ᠤᠬᠠᠮᠰᠠᠷ᠂ ᠬᠠᠤᠯᠢᠵᠢᠯ ᠤᠨ ᠤᠬᠠᠮᠰᠠᠷ ᠪᠠ ᠪᠣᠯᠪᠠᠰᠤᠨ ᠤ | ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠠᠵᠢᠯᠯᠠᠭ᠎ᠠ ᠳᠤ ᠢᠳᠡᠪᠬᠢᠳᠠᠢ ᠣᠷᠣᠯᠴᠠᠵᠤ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠥᠢᠯᠭᠠᠬᠰᠡᠨ ᠢᠶᠠᠷ ᠪᠠᠷᠠᠬᠤ ᠥᠭ᠊ ᠵᠠᠮ ᠬᠠᠷᠢᠯᠴᠠᠭᠠᠨ ᠤ | ᠠᠮᠤᠷ ᠲᠦᠪᠰᠢᠨ ᠤ ᠤᠬᠠᠭᠤᠯᠭ᠎ᠠ ᠶᠢᠨ ᠰᠣᠳᠣᠨ ᠰᠠᠶᠢᠬᠠᠨ ᠪᠡᠯᠡᠭ ᠲᠣᠰᠴᠣ᠂ ᠣᠯᠠᠨ ᠲᠦᠮᠡᠨ ᠤ ᠣᠷᠣᠯᠴᠠᠬᠤ | ᠢᠳᠡᠪᠬᠢᠵᠢᠯ ᠢ ᠶᠡᠬᠡᠪᠡᠷ ᠳᠠᠶᠢᠴᠢᠯᠠᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠨᠢ ᠨᠡᠶᠢᠬᠡᠮ ᠨᠡᠶᠢᠳᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ | ᠠᠩᠬᠠᠷᠬᠤ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠦᠢᠯᠡᠳᠦᠯᠭᠡᠵᠢᠭᠦᠯᠬᠦ ᠥᠷᠨᠢᠯᠲᠡ ᠭᠠᠷᠭᠠᠵᠤ᠂ ᠣᠯᠠᠨ ᠲᠦᠮᠡᠨ | ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠮᠤᠷ | ᠲᠦᠪᠰᠢᠨ᠂ ᠪᠣᠯᠪᠠᠰᠤᠨ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠤᠯᠭᠠᠠᠠᠰᠠᠠ | ᠪᠠᠶᠢᠨ᠎ᠠ᠃ | |