ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2024/12/13
      ᠰᠢᠯᠤᠭᠤᠨ ᠬᠥᠬᠡ ᠬᠤᠰᠢᠭᠤ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠱᠠᠩᠨᠠᠵᠤ ᠨᠦᠬᠦᠪᠦᠷᠢᠯᠡᠬᠦ ᠲᠤᠭᠳᠠᠴᠠ ᠶᠢ ᠭᠡᠷᠡᠭᠵᠢᠬᠦᠯᠵᠦ ᠪᠠᠶᠢᠭ᠎ᠠ 1356.68 ᠲᠦᠮᠡᠨ ᠮᠦ ᠨᠤᠲᠤᠭ ᠪᠡᠯᠴᠢᠭᠡᠷ ᠲᠤ ᠠᠮᠢ ᠠᠬᠤᠢ ᠶᠢ ᠬᠠᠮᠭᠠᠯᠠᠬᠤ ᠲᠤᠰᠬᠠᠢ ᠠᠵᠢᠯᠳᠠᠨ ᠲᠤᠬᠢᠷᠠᠭᠤᠯᠵᠤ᠂ ᠡᠳᠦᠷ ᠲᠤᠲᠤᠮ ᠤᠨ ᠪᠠᠶᠢᠴᠠᠭᠠᠬᠤ᠂ ᠭᠠᠯ ᠰᠡᠷᠭᠡᠶᠢᠯᠡᠬᠦ ᠵᠡᠷᠭᠡ ᠠᠵᠢᠯ ᠢ ᠲᠤᠭᠳᠠᠭᠰᠠᠨ ᠬᠤᠭᠤᠴᠠᠭ᠎ᠠ ᠲᠠᠢ ᠦᠷᠨᠢᠬᠦᠯᠦᠨ᠂ ᠡᠯᠡᠰᠦᠷᠬᠡᠭ ᠭᠠᠵᠠᠷ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠳᠤ ᠬᠦᠴᠦᠨ ᠨᠡᠮᠡᠷᠢᠯᠡᠵᠦ ᠪᠤᠢ᠃     ᠰᠤᠷᠪᠤᠯᠵᠢᠯᠠᠭᠴᠢ ᠤᠶᠢᠷ᠎ᠠ ᠶᠢᠨ ᠡᠳᠦᠷ ᠡᠳᠡᠭᠡᠷ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯᠳᠠᠳ ᠤᠨ ᠨᠢᠭᠡ ᠪᠤᠯᠬᠤ ᠪᠠᠳᠤᠪᠦ᠋ᠬᠡ ᠶᠢᠨ ᠳᠤ ᠬᠦᠷᠴᠦ᠂ ᠲᠡᠭᠦᠨ ᠤ ᠠᠵᠢᠯ ᠤᠨ ᠪᠠᠶᠢᠳᠠᠯ ᠢ ᠤᠶᠢᠯᠠᠭᠠᠯ᠎ᠠ᠃     ᠰᠠᠩ ᠤᠨ ᠲᠡᠯᠡᠶ ᠪᠠᠯᠭᠠᠰᠤᠨ ᠤ ᠪᠠᠭ᠎ᠠ ᠵᠢᠭᠠᠰᠤᠲᠠᠶ ᠨᠠᠭᠤᠷ ᠤᠨ ᠬᠠᠮᠲᠤ ᠶᠢᠨ ᠵᠤᠰᠠᠯᠠᠩ ᠤᠨ ᠭᠠᠵᠠᠷ ᠪᠤᠯ ᠪᠠᠳᠤᠪᠦ᠋ᠬᠡ ᠶᠢᠨ ᠬᠤᠪᠢᠳᠠᠨ ᠬᠠᠮᠢᠶᠠᠷᠴᠤ ᠪᠠᠶᠢᠭ᠎ᠠ ᠳᠤᠭᠤᠷᠢᠭ ᠪᠤᠯᠬᠤ ᠶᠤᠮ᠃ ᠮᠠᠰᠢᠨ ᠲᠡᠷᠭᠡ ᠪᠠᠨ ᠵᠢᠯᠤᠭᠤᠳᠤᠨ ᠪᠡᠯᠴᠢᠭᠡᠷ ᠢᠶᠠᠷ ᠲᠣᠭᠤᠷᠢᠵᠤ᠂ ᠡᠷᠬᠢᠨ ᠲᠣᠭᠤᠷᠢᠨ ᠤ 7 ᠭᠠᠴᠠᠭᠠᠨ ᠤ ᠵᠤᠰᠠᠯᠠᠩ ᠤᠨ 36 ᠲᠦᠮᠡᠨ ᠮᠤ᠋ ᠨᠤᠳᠤᠭ ᠪᠡᠯᠴᠢᠭᠡᠷ ᠢ ᠬᠠᠷᠠᠵᠤ ᠬᠠᠮᠠᠭᠠᠯᠠᠬᠤ ᠪᠤᠯ ᠳᠡᠭᠦᠨ ᠤ ᠡᠳᠦᠷ ᠳᠤᠳᠤᠮ ᠤᠨ ᠠᠵᠢᠯ ᠪᠠᠶᠢᠯ᠎ᠠ᠃     ᠰᠢᠯᠤᠭᠤᠨ ᠬᠥᠬᠡ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠠᠵᠢᠯᠳᠠᠨ ᠪᠠᠳᠤᠪᠦ᠋ᠬᠡ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠠᠮᠢ ᠠᠬᠤᠢ ᠶᠢ ᠬᠠᠮᠠᠭᠠᠯᠠᠬᠤ ᠠᠵᠢᠯᠳᠠᠨ ᠢᠶᠠᠷ ᠠᠵᠢᠯᠯᠠᠭᠠᠳ 13 ᠵᠢᠯ ᠪᠤᠯᠵᠤ ᠪᠠᠶᠢᠨ᠎ᠠ᠃ ᠭᠤᠤᠯᠳᠠᠭᠤ ᠠᠮᠢ ᠠᠬᠤᠢ ᠶᠢᠨ ᠬᠠᠤᠯᠢ ᠲᠤᠭᠳᠠᠭᠠᠯ ᠠᠴᠠ ᠵᠥᠷᠢᠴᠡᠭᠰᠡᠨ ᠠᠵᠢᠯᠯᠠᠭ᠎ᠠ᠂ ᠮᠠᠯ ᠤᠨᠤᠭ᠎ᠠ ᠣᠷᠣᠵᠤ ᠪᠠᠶᠢᠬᠤ ᠡᠰᠡᠬᠦ᠂ ᠪᠠᠰᠠ ᠳᠡᠷᠭᠡ ᠤᠨᠤᠭ᠎ᠠ ᠵᠦᠪᠰᠢᠶᠡᠷᠡᠯ ᠦᠭᠡᠢ ᠣᠷᠣᠵᠤ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠮᠣᠳᠣ ᠪᠤᠷᠭᠠᠰᠤ ᠣᠭᠲᠣᠯᠵᠤ ᠪᠠᠶᠢᠬᠤ ᠡᠰᠡᠬᠦ ᠶᠢ ᠪᠠᠶᠢᠴᠠᠭᠠᠳᠠᠭ᠃ ᠤᠤᠯ ᠨᠢ ᠠᠳᠡᠬᠢ ᠪᠦᠷ ᠡᠯᠡᠰᠦ ᠮᠠᠩᠬ᠎ᠠ ᠪᠠᠶᠢᠭᠰᠠᠨ᠂ ᠤᠳᠤ ᠪᠦᠬᠦᠨ ᠢ ᠬᠦᠷᠢᠶᠡᠯᠡᠭᠡᠳ ᠮᠠᠯ ᠪᠡᠯᠴᠢᠭᠡᠷᠯᠡᠬᠦᠯᠬᠦ ᠶᠢ ᠬᠤᠷᠢᠭᠯᠠᠵᠤ ᠪᠤᠢ︾ ᠭᠡᠯ᠎ᠡ᠃      ᠰᠢᠯᠤᠭᠤᠨ ᠬᠥᠬᠡ ᠬᠤᠰᠢᠭᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯᠲᠠᠨ ᠤ ᠬᠠᠮᠵᠢᠯᠴᠠᠭ᠎ᠠ ᠲᠠᠢ ᠪᠠᠷ ᠨᠤᠲᠤᠭ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠢ ᠵᠢᠯ ᠳᠤᠳᠤᠮ ᠰᠠᠶᠢᠵᠢᠷᠠᠭᠰᠠᠨ ᠤᠬᠢ ᠰᠠᠶᠢᠨ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃ ᠪᠠᠳᠤᠪᠦ᠋ᠬᠡ ᠶᠢ ᠪᠠᠭᠲᠠᠭᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠢᠶᠠᠷᠤᠯᠲᠠ  ᠶᠢᠨ ᠠᠵᠢᠯᠳᠠᠳ ᠲᠤᠭᠤᠷᠢᠭ ᠬᠤᠪᠢᠶᠠᠨ᠂ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠭᠦᠨ ᠮᠠᠯᠵᠢᠬᠤ ᠶᠢ ᠴᠠᠭᠳᠠᠨ ᠪᠠᠶᠢᠴᠠᠭᠠᠬᠤ ᠪᠠ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠩᠭᠤ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠠᠶᠢᠵᠢᠷᠠᠯᠳᠠ ᠳᠤ ᠪᠠᠲᠤᠯᠠᠭ᠎ᠠ ᠬᠠᠩᠭᠠᠵᠤ᠂ ᠠᠮᠢ ᠠᠬᠤᠢ ᠤᠷᠴᠢᠨ ᠲᠤᠭᠤᠷᠢᠨ ᠢ ᠰᠡᠷᠭᠦᠭᠡᠨ ᠰᠠᠶᠢᠵᠢᠷᠠᠭᠤᠯᠬᠤ ᠳᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠪᠤᠢ᠃     ᠰᠢᠯᠤᠭᠤᠨ ᠬᠥᠬᠡ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠦᠷᠲᠡᠭᠡᠨ ᠤ ᠳᠡᠳ᠋ ᠳᠠᠷᠤᠭ᠎ᠠ ᠰᠢᠤᠢ ᠽᠧ ᠮᠢᠨ ᠬᠡᠯᠡᠬᠦ ᠳᠡᠭᠡᠨ᠄ ︽ᠮᠠᠨ ᠤ ᠬᠤᠰᠢᠭᠤᠨ ᠳᠤ ᠨᠡᠶᠢᠲᠡ 165 ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯᠲᠠᠨ ᠲᠠᠢ᠃ ᠪᠦᠬᠦ ᠬᠤᠰᠢᠭᠤ ᠪᠠᠷ ᠢᠶᠠᠨ ᠬᠤᠰᠢᠭᠤ᠂ ᠰᠤᠮᠤ ᠪᠠ ᠭᠠᠴᠠᠭ᠎ᠠ ᠭᠤᠷᠪᠠᠨ ᠱᠠᠲᠤᠨ ᠤ ᠠᠮᠢ ᠠᠬᠤᠢ ᠶᠢ ᠬᠠᠮᠠᠭᠠᠯᠠᠬᠤ ᠠᠵᠢᠯᠲᠠᠨ ᠤ ᠲᠣᠭᠤᠷᠢᠨ ᠬᠠᠮᠠᠭᠠᠯᠠᠬᠤ ᠳᠦᠷᠢᠮ ᠢ ᠪᠠᠶᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠡᠯᠡᠰᠦᠷᠬᠡᠭ ᠭᠠᠵᠠᠷ ᠤᠨ ᠵᠠᠰᠠᠯᠲᠠ ᠳᠤ ᠢᠳᠡᠪᠬᠢᠲᠡᠢ ᠦᠢᠯᠡᠳᠦᠯ ᠦᠵᠡᠭᠦᠯᠵᠦ ᠪᠤᠢ︾ ᠭᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号