ᠰᠢᠤᠸᠠᠢ ᠶᠠ ᠵᠢᠶᠠ ᠪᠣᠯ ᠤᠯᠤᠰ ᠲᠦᠷᠦ ᠶᠢᠨ ᠵᠥᠪᠯᠡᠯᠭᠡᠨ ᠤ ᠰᠢᠯᠤᠭᠤᠨ ᠬᠦᠬᠡ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ᠃ ᠳᠡᠷᠡ᠂ 2008 ᠣᠨ ᠳᠤ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠡᠭᠦᠰᠴᠦ᠂ 2014 ᠣᠨ ᠳᠤ ᠥᠪᠥᠷ ᠮᠣᠩᠭᠤᠯ ᠤᠨ ᠰᠢᠨ ᠶᠤᠸᠠᠨ | ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠤᠭᠰᠠᠨ ᠠᠴᠠ ᠠᠪᠤᠭᠠᠳ ᠺᠤᠮᠫᠠᠨᠢ ᠶᠢᠨ | ᠢᠶᠠᠨ ᠠᠯᠤᠰ ᠬᠡᠳᠦ ᠶᠢᠨ ᠬᠦᠭᠵᠢᠯᠳᠡ ᠶᠢ ᠨᠠᠷᠢᠨ ᠨᠢᠮᠪᠠᠶ ᠲᠥᠯᠥᠪᠵᠢᠭᠦᠯᠦᠨ᠂ ᠭᠠᠵᠠᠷ ᠣᠷᠣᠨ ᠤ ᠣᠲᠣ ᠦᠶ᠎ᠡ ᠶᠢᠨ | ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠨᠡᠮᠡᠷᠢᠯᠡᠵᠦ᠂ ᠰᠢᠨ᠎ᠡ ᠴᠠᠭ ᠦᠶ᠎ᠡ | ᠶᠢᠨ ᠤᠯᠤᠰ ᠲᠥᠷᠥ ᠶᠢᠨ ᠵᠥᠪᠯᠡᠯᠭᠡᠨ ᠤ ᠬᠡᠰᠢᠬᠦᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ ᠪᠤᠢ᠃ | ᠰᠢᠨ ᠶᠤᠸᠠᠨ ᠮᠠᠯ ᠠᠵᠤ ᠠᠬᠤᠢ ᠶᠢᠨ ᠺᠤᠮᠫᠠᠨᠢ ᠨᠢ 10 ᠵᠢᠯ ᠤᠨ ᠲᠤᠷᠰᠢ ᠬᠡᠪᠴᠢᠶᠠᠵᠢᠯ ᠢᠶᠠᠨ ᠳᠠᠰᠤᠷᠠᠯ | ᠦᠭᠡᠢ ᠦᠷᠭᠡᠳᠭᠡᠵᠦ᠂ 15000 ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠬᠤᠷᠤᠭ᠎ᠠ᠂ 1800 ᠲᠡᠭᠰᠢ | ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ᠂ 2500 ᠲᠡᠭᠰᠢ ᠳᠥᠷᠪᠡᠯᠵᠢᠨ ᠮᠧᠲᠷ ᠲᠡᠵᠢᠭᠡᠯ | ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠲᠠᠰᠤᠭ ᠲᠠᠢ ᠪᠣᠯᠤᠭᠰᠠᠨ ᠪᠥᠭᠡᠳ ᠡᠯ᠎ᠡ ᠲᠦᠷᠦᠯ ᠤᠨ ᠲᠦᠭᠦᠭᠡᠷᠦᠮᠵᠢ | ᠶᠢ ᠪᠦᠬᠦᠨ ᠢ ᠢᠵᠢ ᠪᠦᠷᠢᠳᠦᠭᠦᠯᠦᠨ ᠤᠭᠰᠠᠷᠠᠭᠰᠠᠨ ᠪᠠᠶᠢᠨ᠎ᠠ᠃ ᠮᠠᠯᠵᠢᠯ ᠤᠨ ᠲᠠᠯᠠᠪᠠᠢ ᠨᠢ ᠤᠳᠤ 20000 ᠮᠦ | ᠣᠷᠴᠢᠮ ᠪᠡᠯᠴᠢᠭᠡᠷ ᠢ ᠲᠦᠷᠢᠶᠡᠰᠦᠯᠡᠨ ᠡᠵᠡᠩᠨᠡᠵᠦ᠂ 1200 ᠭᠠᠷᠤᠢ ᠰᠢᠯᠢᠳᠡᠭ ᠡᠭᠦᠯᠳᠡᠷ ᠤᠨ ᠦᠭᠡᠷ ᠮᠠᠯᠵᠢᠵᠦ | ᠪᠤᠢ᠃ | ᠰᠢᠤᠸᠠᠢ ᠶᠠ ᠵᠢᠶᠠ ᠺᠤᠮᠫᠠᠨᠢ ᠪᠠᠨ ᠰᠠᠶᠢᠳᠤᠷ ᠡᠵᠡᠩᠨᠡᠨ ᠬᠦᠭᠵᠢᠬᠦᠯᠬᠦ ᠶᠢᠨ ᠬᠠᠮᠲᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠤ ᠡᠭᠦᠷᠭᠡ ᠪᠠᠨ ᠢᠳᠡᠪᠬᠢᠲᠡᠶ ᠪᠠᠳᠠᠷᠠᠭᠤᠯᠵᠤ᠂ ᠨᠡᠶᠢᠭᠡᠮ ᠳᠤ ᠡᠭᠦᠷᠭᠡᠯᠡᠵᠦ ᠪᠠᠶᠢᠭ᠎ᠠ | ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ ᠪᠤᠢ᠃ ᠰᠢᠨ ᠶᠤᠸᠠᠨ ᠮᠠᠯ ᠠᠵᠤ ᠠᠬᠤᠶ ᠶᠢᠨ ᠺᠤᠮᠫᠠᠨᠢ ᠨᠢ ᠰᠢᠯᠢ | ᠶᠢᠨ ᠭᠤᠤᠯ ᠠᠶᠢᠮᠠᠭ ᠤᠨ ᠥᠷᠭᠡᠨ ᠣᠯᠠᠨ ᠮᠠᠯᠴᠢᠨ ᠲᠠᠷᠢᠶᠠᠴᠢᠨ ᠳᠤ ᠤᠷᠢᠳ ᠬᠤᠵᠢᠳ ᠨᠡᠶᠢᠲᠡ 3000 ᠭᠠᠷᠤᠶ | ᠡᠭᠦᠯᠳᠡᠷ ᠤᠨ ᠦᠬᠡᠷ ᠬᠠᠩᠭᠠᠭᠰᠠᠨ ᠤ ᠬᠠᠮᠲᠤ ᠮᠠᠯᠴᠢᠳ ᠲᠤ ᠪᠤᠷᠳᠤᠨ ᠳᠠᠷᠭᠤᠯᠠᠭᠤᠯᠬᠤ ᠰᠢᠨᠵᠢᠯᠡᠬᠦ ᠤᠬᠠᠭᠠᠨᠴᠢ | ᠮᠡᠷᠭᠡᠵᠢᠯ ᠲᠦᠭᠡᠮᠡᠯᠵᠢᠬᠦᠯᠵᠦ᠂ ᠮᠠᠯᠴᠢᠳ ᠲᠠᠢ ᠪᠤᠷᠳᠤᠨ ᠳᠠᠷᠭᠤᠯᠠᠭᠤᠯᠬᠤ᠂ ᠬᠤᠳᠠᠯᠳᠤᠨ ᠠᠪᠬᠤ ᠵᠡᠷᠭᠡ ᠤᠯᠠᠨ | ᠵᠦᠢᠯ ᠤᠨ ᠵᠥᠪᠯᠡᠯᠴᠡᠭᠡᠷ ᠲᠣᠭᠲᠠᠵᠤ᠂ ᠥᠷᠭᠡᠨ ᠣᠯᠠᠨ ᠮᠠᠯᠴᠢᠳ ᠲᠤ ᠠᠰᠢᠭ ᠬᠦᠷᠳᠡᠭᠡᠨ᠂ ᠭᠠᠵᠠᠷ ᠣᠷᠣᠨ ᠤ | ᠮᠠᠯ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠠᠢ᠃ ᠲᠡᠷᠡᠪᠡᠷ ᠣᠯᠠᠨ | ᠵᠢᠯ ᠤᠨ ᠪᠠᠶᠠᠯᠢᠭ ᠲᠤᠷᠰᠢᠯᠭ᠎ᠠ ᠪᠣᠯᠤᠨ ᠭᠦᠨᠵᠡᠭᠡᠶ ᠠᠵᠢᠭᠯᠠᠯᠲᠠ ᠳᠠᠭᠠᠨ ᠲᠦᠰᠢᠭᠯᠡᠨ᠂ ᠮᠠᠯ ᠠᠵᠤ ᠠᠬᠤᠶ ᠶᠢᠨ | ᠣᠳᠣᠬᠢᠴᠢᠯᠠᠯᠲᠠ ᠶᠢᠨ ᠠᠬᠢᠴᠠ ᠳᠤᠮᠳᠠᠬᠢ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠪᠠ ᠮᠠᠯ ᠡᠮᠨᠡᠯᠭᠡ ᠶᠢᠨ | ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠵᠡᠷᠭᠡ ᠳᠤ ᠴᠢᠭᠯᠡᠭᠦᠯᠦᠨ᠂ ᠪᠦᠲᠦᠭᠡᠯᠴᠢ ᠴᠢᠨᠠᠷᠲᠠᠶ ᠰᠠᠨᠠᠯ | ᠳᠤᠷᠠᠳᠤᠯᠭ᠎ᠠ ᠳᠡᠪᠰᠢᠬᠦᠯᠵᠦ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠬᠤ ᠦᠨᠳᠦᠰᠦᠯᠡᠯ ᠬᠠᠩᠭᠠᠵᠤ᠂ ᠭᠠᠵᠠᠷ ᠣᠷᠣᠨ | ᠤ ᠮᠠᠯ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠪᠠ ᠪᠣᠳᠠᠲᠠᠢ ᠳᠤ ᠨᠠᠶᠢᠳᠠᠪᠤᠷᠢᠵᠢᠭᠤᠯᠬᠤ | ᠶᠢ ᠪᠦᠲᠦᠮᠵᠢᠲᠡᠢ ᠠᠬᠢᠭᠤᠯᠤᠭᠰᠠᠨ ᠪᠠᠶᠢᠨ᠎ᠠ᠃ | ᠰᠢᠤᠸᠠᠢ ᠶᠠ ᠵᠢᠶᠠ ᠪᠠᠰᠠ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠳᠡᠢ ᠤᠷᠤᠯᠴᠠᠵᠤ᠂ | ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠭᠰᠡᠭᠡᠷ ᠢᠷᠡᠵᠡᠢ᠃ ᠨᠢᠳᠤᠨᠤᠨ ᠡᠪᠦᠯ ᠦᠩᠭᠡᠷᠡᠭᠦ ᠬᠠᠪᠤᠷ ᠮᠠᠯᠴᠢᠳ | ᠲᠤ ᠡᠪᠡᠰᠦ ᠪᠤᠷᠳᠤᠭᠠᠨ ᠤ ᠠᠰᠠᠭᠤᠳᠠᠯ ᠢ ᠰᠢᠢᠳᠪᠦᠷᠢᠯᠡᠵᠦ ᠦᠭᠭᠦ ᠶᠢᠨ ᠲᠥᠯᠥᠭᠡ ᠳᠡᠷᠡ ᠤᠯᠤᠰ ᠲᠥᠷᠥ ᠶᠢᠨ | ᠵᠥᠪᠯᠡᠯᠭᠡᠨ ᠤ ᠪᠤᠰᠤᠳ ᠬᠡᠰᠢᠬᠦᠨ ᠲᠠᠢ ᠬᠠᠮᠲᠤ ᠪᠠᠷ ᠪᠤᠱᠤᠤᠳᠠᠶ ᠰᠤᠮᠤᠨ ᠤ ᠨᠡᠬᠦᠳᠡᠭᠡᠢ ᠭᠠᠴᠠᠭᠠᠨ ᠤ ᠮᠠᠯᠴᠢᠳ ᠲᠤ | ᠡᠪᠡᠰᠦ ᠪᠣᠷᠳᠤᠭ᠎ᠠ ᠬᠦᠷᠭᠡᠵᠦ ᠦᠭᠭᠦᠨ᠂ ᠬᠦᠴᠢᠷᠳᠡᠯᠲᠡᠶ ᠣᠯᠠᠨ ᠲᠦᠮᠡᠨ ᠤ ᠪᠠᠴᠢᠮ ᠲᠤᠯᠭᠠᠮ᠎ᠠ ᠠᠰᠠᠭᠤᠳᠠᠯ ᠢ ᠨᠢ | ᠳᠠᠷᠤᠶᠢᠬᠠᠨ ᠰᠢᠶᠳᠪᠦᠷᠢᠯᠡᠵᠦ ᠦᠭᠴᠡᠢ᠃ 2024 ᠣᠨ ᠳᠤ ᠪᠤᠰᠤᠳ ᠭᠡᠰᠢᠭᠦᠳ ᠲᠠᠢ ᠬᠠᠮᠳᠤᠷᠠᠨ ᠰᠢᠯᠢᠳᠡᠭ ᠬᠢᠷᠢ | ᠪᠦᠲᠦᠮᠵᠢ ᠪᠦᠬᠦᠢ ᠬᠦᠴᠢᠷᠳᠡᠯᠳᠡᠢ ᠤᠶᠤᠲᠠᠳ ᠢ ᠲᠤᠰᠠᠯᠠᠬᠤ᠂ ᠱᠠᠩᠳᠤ ᠪᠠᠯᠭᠠᠰᠤᠨ ᠤ ᠶᠠᠳᠠᠭᠤ ᠬᠦᠴᠢᠷᠳᠡᠯᠳᠡᠢ | ᠡᠷᠦᠬᠡ ᠶᠢ ᠬᠠᠪᠰᠤᠷᠤᠨ ᠳᠡᠳᠬᠦᠬᠦ ᠵᠡᠷᠭᠡ ᠪᠠᠷ ᠪᠣᠳᠠᠲᠤ ᠠᠵᠢᠯᠯᠠᠭ᠎ᠠ ᠪᠠᠷ ᠢᠶᠠᠨ ᠤᠯᠤᠰ ᠲᠥᠷᠥ ᠶᠢᠨ ᠵᠥᠪᠯᠡᠯᠭᠡᠨ ᠤ | ᠬᠡᠰᠢᠬᠦᠨ ᠤ ᠡᠷᠬᠢᠮ ᠳᠡᠭᠡᠳᠦ ᠵᠠᠩ ᠮᠣᠷᠠᠯ ᠪᠣᠯᠤᠨ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ | ᠬᠠᠷᠠᠭᠤᠯᠤᠭᠰᠠᠨ ᠪᠠᠶᠢᠨ᠎ᠠ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠤᠸᠠᠢ ᠶᠠ ᠵᠢᠶᠠ ᠬᠡᠯᠡᠬᠦ ᠳᠡᠭᠡᠨ᠄ ︽ᠮᠠᠯ | ᠠᠵᠤ ᠠᠬᠤᠶ ᠶᠢᠨ ᠺᠣᠮᠫᠠᠨᠢ ᠶᠢᠨ ᠬᠠᠷᠢᠭᠤᠴᠠᠯᠭᠠᠳᠠᠨ ᠪᠣᠯᠤᠭᠰᠠᠨ ᠤ ᠬᠤᠪᠢ ᠳᠤ᠂ ᠪᠢ ᠮᠠᠯᠵᠢᠯ ᠤᠨ ᠲᠠᠯᠠᠪᠠᠶ ᠶᠢ | ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ ᠬᠠᠮᠢᠶᠠᠷᠬᠤ ᠠᠴᠠ ᠮᠠᠯ ᠰᠦᠷᠦᠭ ᠢ ᠰᠣᠩᠭᠤᠨ ᠪᠣᠶᠢᠵᠢᠭᠤᠯᠬᠤ᠂ | ᠠᠷᠠᠴᠢᠯᠠᠨ ᠲᠡᠵᠢᠭᠡᠬᠦ ᠵᠢᠴᠢ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠦᠷᠲᠡᠯ᠎ᠡ ᠭᠤᠭᠴᠤᠭ᠎ᠠ ᠨᠢᠭᠡᠪᠦᠷᠢ ᠶᠢ | ᠴᠢᠩᠭ᠎ᠠ ᠠᠩᠬᠠᠷᠤᠨ᠂ ᠵᠠᠬ᠎ᠠ ᠳᠡᠯᠭᠡᠭᠦᠷ ᠲᠤ ᠴᠢᠨᠠᠷ ᠰᠠᠶᠢᠲᠠᠶ᠂ ᠠᠮᠤᠷ ᠲᠦᠪᠰᠢᠨ ᠮᠠᠯ ᠤᠨ ᠠᠰᠢᠭ ᠰᠢᠮ᠎ᠡ | ᠬᠠᠩᠭᠠᠬᠤ ᠪᠠᠷ ᠴᠢᠷᠮᠠᠶᠢᠵᠤ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ | ᠪᠢ ᠡᠯ᠎ᠡ ᠵᠦᠢᠯ ᠤᠨ ᠪᠠᠶᠢᠴᠠᠭᠠᠨ ᠰᠤᠳᠤᠯᠤᠯᠳᠠ ᠳᠤ ᠣᠷᠣᠯᠴᠠᠵᠤ᠂ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ | ᠪᠠ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠵᠡᠷᠭᠡ ᠲᠠᠯ᠎ᠠ ᠪᠠᠷ ᠰᠠᠨᠠᠯ | ᠳᠤᠷᠠᠳᠤᠯᠭ᠎ᠠ ᠳᠡᠪᠰᠢᠬᠦᠯᠦᠭᠰᠡᠨ ᠶᠤᠮ᠃ ᠪᠤᠳᠠᠳᠠᠢ ᠠᠵᠢᠯ ᠤᠨ ᠳᠤᠮᠳᠠ ᠪᠠᠨ ᠪᠤᠰᠤᠳ ᠭᠡᠰᠢᠭᠦᠳ ᠲᠠᠢ ᠢᠳᠡᠪᠬᠢᠲᠡᠶ | ᠰᠠᠨᠠᠯ ᠢᠶᠠᠨ ᠰᠤᠯᠢᠯᠴᠠᠵᠤ᠂ ᠮᠠᠯ ᠠᠵᠤ ᠠᠬᠤᠶ ᠬᠢᠭᠡᠳ ᠠᠮᠢ ᠠᠬᠤᠶ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠠᠮᠲᠤ ᠪᠠᠷ ᠤᠷᠤᠭᠰᠢᠯᠠᠬᠤ ᠪᠦᠲᠦᠮᠵᠢᠲᠡᠶ ᠠᠷᠭ᠎ᠠ ᠵᠠᠮ ᠢ | ᠬᠠᠶᠢᠨ ᠰᠦᠪᠡᠭᠴᠢᠯᠡᠭᠰᠡᠭᠡᠷ ᠢᠷᠡᠵᠡᠢ᠃ ᠬᠤᠶᠢᠰᠢᠳᠠ᠂ ᠪᠢ ᠦᠷᠭᠦᠯᠵᠢᠯᠡᠨ ᠺᠣᠮᠫᠠᠨᠢ ᠶᠢᠨ ᠡᠵᠡᠩᠨᠡᠯᠲᠡ ᠪᠠᠨ ᠴᠢᠩᠭ᠎ᠠ | ᠠᠳᠬᠤᠬᠤ ᠶᠢᠨ ᠵᠡᠷᠭᠡᠳᠡ ᠤᠯᠤᠰ ᠲᠦᠷᠦ ᠶᠢᠨ ᠵᠥᠪᠯᠡᠯᠭᠡᠨ ᠤ ᠬᠡᠰᠢᠬᠦᠨ ᠤ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠵᠦ᠂ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠡ ᠳᠤ ᠬᠦᠴᠦᠨ ᠨᠡᠮᠡᠷᠢᠯᠡᠬᠦ ᠪᠠᠷ ᠴᠢᠷᠮᠠᠶᠢᠨ᠎ᠠ︾ | ᠭᠡᠯᠡ᠃ | 2018 ᠣᠨ ᠳᠤ ᠰᠢᠨ ᠶᠤᠸᠠᠨ ᠮᠠᠯ ᠠᠵᠤ ᠠᠬᠤᠢ ᠶᠢᠨ ᠺᠤᠮᠫᠠᠨᠢ ᠨᠢ ᠠᠶᠢᠮᠠᠭ ᠤᠨ ᠲᠡᠰ ᠤᠨ ᠠᠵᠤ | ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠵᠦ᠂ 2019 ᠣᠨ ᠠᠴᠠ ᠣᠲᠣ ᠪᠣᠯᠲᠠᠯ᠎ᠠ | ᠬᠡᠪᠴᠢᠶᠠᠵᠢᠯ ᠢᠶᠠᠨ ᠲᠠᠰᠤᠷᠠᠯᠲᠠ ᠥᠬᠡᠶ ᠥᠷᠭᠡᠳᠬᠡᠵᠦ᠂ ᠰᠠᠶᠢᠨ ᠡᠭᠦᠯᠳᠡᠷ ᠤᠨ ᠮᠠᠯ ᠢ ᠪᠣᠶᠢᠵᠢᠭᠤᠯᠬᠤ ᠡᠷᠴᠢᠮ | ᠢᠶᠠᠨ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠡᠭᠦᠯᠳᠡᠷ ᠤᠨ ᠦᠬᠡᠷ ᠮᠠᠯᠵᠢᠬᠤ | ᠰᠠᠭᠤᠷᠢᠨ ᠭᠠᠵᠠᠷ ᠢ ᠪᠠᠶᠢᠭᠤᠯᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠵᠤ᠂ ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠴᠢ ᠬᠤᠨᠢ | ᠶᠢ ᠴᠥᠭᠡᠳᠬᠡᠵᠦ ᠦᠬᠡᠷ ᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ ᠳᠤ ᠵᠣᠬᠢᠬᠤ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ᠃ ᠰᠢᠦᠸᠠᠢ ᠶᠠ ᠵᠢᠶᠠ ᠪᠢᠳᠡᠨ ᠳᠤ᠂ ᠬᠤᠶᠢᠰᠢᠳᠠ ᠰᠢᠨ᠎ᠡ ᠴᠢᠨᠠᠷᠯᠢᠭ ᠦᠶᠯᠡᠳᠪᠦᠷᠢᠯᠡᠯ ᠤᠨ | ᠬᠦᠴᠦᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠡᠷᠢᠭᠦᠨ ᠤ ᠮᠡᠷᠭᠡᠵᠢᠯ ᠢ ᠴᠢᠷᠮᠠᠶᠢᠨ ᠰᠤᠷᠤᠯᠴᠠᠬᠤ ᠪᠠᠷ ᠳᠠᠮᠵᠢᠨ ᠬᠤᠪᠢ ᠬᠥᠮᠦᠨ ᠤ ᠲᠤᠰᠬᠠᠶ | ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠰᠢᠯᠤᠭᠤᠨ ᠬᠥᠬᠡ ᠬᠤᠰᠢᠭᠤᠨ ᠤ ᠮᠠᠯ ᠠᠵᠤ ᠠᠬᠤᠶ ᠶᠢᠨ | ᠬᠦᠭᠵᠢᠯᠳᠡ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ ᠭᠡᠵᠦ ᠶᠠᠷᠢᠯ᠎ᠠ᠃ | | |